ᠮᠣᠩᠭᠣᠯ ᠤᠯᠤᠰ ᠤᠨ ᠬᠦᠮᠦᠨ ᠠᠮᠠ ᠶᠢᠨ 24.2 ᠬᠤᠪᠢ ᠨᠢ ᠲᠠᠮᠠᠬᠢ ᠲᠠᠲᠠᠳᠠᠭ | News.MN

ᠮᠣᠩᠭᠣᠯ ᠤᠯᠤᠰ ᠤᠨ ᠬᠦᠮᠦᠨ ᠠᠮᠠ ᠶᠢᠨ 24.2 ᠬᠤᠪᠢ ᠨᠢ ᠲᠠᠮᠠᠬᠢ ᠲᠠᠲᠠᠳᠠᠭ

ᠲᠠᠮᠠᠬᠢᠨ ᠤ ᠬᠡᠷᠡᠭᠯᠡᠭᠡ ᠳᠡᠯᠡᠬᠡᠢ ᠳᠠᠶᠠᠭᠠᠷ ᠲᠠᠬᠤᠯ ᠤᠨ ᠬᠡᠮᠵᠢᠶᠡᠨ ᠳᠦ ᠬᠦᠷᠴᠦ᠂ ᠵᠢᠯ ᠪᠦᠷᠢ ᠲᠠᠮᠠᠬᠢᠨ ᠠᠴᠠ ᠪᠤᠯᠵᠤ᠂ 8 ᠰᠠᠶ᠎ᠠ ᠭᠠᠷᠤᠢ ᠬᠦᠮᠦᠨ ᠠᠮᠢ ᠨᠠᠰᠤ ᠪᠠᠨ ᠠᠯᠳᠠᠵᠤ ᠪᠠᠶᠢᠭ᠎ᠠ ᠪᠥᠭᠡᠳ ᠡᠳᠡᠭᠡᠷ ᠦᠨ 1.2 ᠰᠠᠶ᠎ᠠ ᠨᠢ ᠳᠠᠮ ᠲᠠᠮᠠᠬᠢ ᠲᠠᠲᠠᠬᠤ ᠠᠴᠠ ᠰᠢᠯᠲᠠᠭᠠᠯᠠᠵᠤ ᠪᠠᠶᠢᠨ᠎ᠠ᠃ ᠡᠳᠡᠭᠡᠷ ᠲᠣᠬᠢᠶᠠᠯᠳᠤᠯ ᠤᠨ ᠶᠡᠬᠡᠩᠬᠢ ᠶᠢ ᠬᠥᠭᠵᠢᠵᠦ ᠪᠤᠢ ᠤᠯᠤᠰ ᠣᠷᠣᠨ ᠤ ᠬᠥᠳᠡᠯᠮᠦᠷᠢ ᠶᠢᠨ ᠨᠠᠰᠤᠨ ᠤ ( 30-69 ᠨᠠᠰᠤ) ᠬᠦᠮᠦᠨ ᠠᠮᠠ ᠡᠵᠡᠯᠡᠵᠦ ᠪᠠᠶᠢᠨ᠎ᠠ᠃
︽ᠲᠠᠮᠠᠬᠢᠨ ᠤ ᠬᠢᠨᠠᠯᠲᠠ ᠶᠢᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠠᠵᠢᠯ ᠤᠨ ᠬᠡᠰᠡᠭ ᠦᠨ ᠡᠭᠡᠯᠵᠢᠲᠦ ᠬᠤᠷᠠᠯ ᠥᠴᠥᠭᠡᠳᠦᠷ ᠪᠣᠯᠵᠤ᠂ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠨᠣᠮᠣᠬᠠᠨ ᠳᠠᠯᠠᠢ ᠶᠢᠨ ᠪᠠᠷᠠᠭᠤᠨ ᠪᠥᠰᠡ ᠶᠢᠨ ᠲᠥᠪ ᠡᠴᠡ ᠰᠠᠨᠠᠯ᠂ ᠵᠥᠪᠯᠡᠮᠵᠢ ᠦᠭᠴᠦ᠂᠃ ᠲᠤᠰ ᠬᠤᠷᠠᠯ ᠳᠤ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠤᠨ ᠮᠣᠩᠭᠣᠯ ᠤᠯᠤᠰ ᠳᠠᠬᠢ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠰᠠᠭᠤᠷᠢᠨ ᠲᠥᠯᠥᠭᠡᠯᠡᠭᠴᠢ ᠰᠧᠷᠠᠭᠢ  ᠳ᠋ᠢᠤᠷᠳᠢᠴᠠ  ᠤᠷᠤᠯᠴᠠᠵᠤ᠂ 《ᠮᠣᠩᠭᠣᠯ ᠤᠯᠤᠰ ᠤᠨ ᠲᠠᠮᠠᠬᠢᠨ ᠤ ᠬᠢᠨᠠᠯᠲᠠ ᠶᠢᠨ ᠲᠤᠬᠠᠢ ᠬᠠᠤᠯᠢ ᠶᠢ ᠰᠠᠶᠢᠵᠢᠷᠠᠭᠤᠯᠵᠤ᠂ ᠪᠡᠬᠢᠵᠢᠭᠦᠯᠬᠦ ᠨᠢ》 ᠰᠡᠳᠦᠪ ᠢᠶᠡᠷ ᠢᠯᠡᠳᠭᠡᠯ ᠲᠠᠨᠢᠯᠴᠠᠭᠤᠯᠵᠠᠢ᠃
ᠮᠣᠩᠭᠣᠯ ᠤᠯᠤᠰ ᠤᠨ ᠬᠦᠮᠦᠨ ᠠᠮᠠ ᠶᠢᠨ 24.2%︵ᠡᠷᠡᠭᠲᠡᠢ 43.7%᠂ ᠡᠮᠡᠭᠲᠡᠢ 5%︶ ᠲᠠᠮᠠᠬᠢ ᠲᠠᠲᠠᠵᠤ ᠪᠠᠶᠢᠭ᠎ᠠ ᠪᠥᠭᠡᠳ ᠲᠡᠳᠡᠭᠡᠷ ᠦᠨ 96.8% ᠲᠠᠮᠠᠬᠢ ᠶᠢ ᠡᠳᠦᠷ ᠪᠦᠷᠢ ᠲᠣᠭᠲᠠᠮᠠᠯ ᠲᠠᠲᠠᠵᠤ ᠪᠠᠶᠢᠨ᠎ᠠ᠃ ᠮᠥᠨ ᠠᠷᠪᠠᠨ ᠬᠦᠮᠦᠨ ᠲᠤᠲᠤᠮ ᠤᠨ ᠭᠤᠷᠪᠠ ᠨᠢ  ᠭᠡᠷ ᠲᠦ ᠪᠡᠨ᠂ ᠳᠦᠷᠪᠡᠨ ᠬᠦᠮᠦᠨ ᠲᠤᠲᠤᠮ ᠤᠨ ᠨᠢᠭᠡ ᠨᠢ ᠠᠵᠢᠯ ᠤᠨ ᠪᠠᠶᠢᠷᠢᠨ ᠳᠤ ᠪᠠᠨ ᠳᠠᠮ ᠲᠠᠮᠠᠬᠢᠳᠠᠯᠲᠠ ᠳᠤ ᠥᠷᠲᠥᠵᠦ ᠪᠠᠶᠢᠨ᠎ᠠ᠃

ᠰᠡᠳᠬᠢᠭᠳᠡᠯ ᠦᠯᠡᠳᠡᠭᠡᠬᠦ