ᠠᠮᠧᠷᠢᠺᠠ  ᠳᠤ ᠮᠣᠩᠭᠣᠯ ᠤᠨ ᠬᠥᠷᠥᠩᠭᠡ ᠣᠷᠣᠭᠤᠯᠤᠯᠲᠠ ᠶᠢᠨ ᠣᠷᠴᠢᠨ ᠤ  ᠲᠠᠯ᠎ᠠ ᠪᠠᠷ ᠶᠠᠷᠢᠯᠴᠠᠪᠠ | News.MN

ᠠᠮᠧᠷᠢᠺᠠ  ᠳᠤ ᠮᠣᠩᠭᠣᠯ ᠤᠨ ᠬᠥᠷᠥᠩᠭᠡ ᠣᠷᠣᠭᠤᠯᠤᠯᠲᠠ ᠶᠢᠨ ᠣᠷᠴᠢᠨ ᠤ  ᠲᠠᠯ᠎ᠠ ᠪᠠᠷ ᠶᠠᠷᠢᠯᠴᠠᠪᠠ

ᠠᠮᠸᠷᠢᠺᠠ ᠶᠢᠨ ᠲᠦᠷᠦ ᠶᠢᠨ ᠳ᠋ᠸᠫᠠᠷᠲ᠋ᠠᠮᠸᠨᠲ ᠮᠣᠩᠭᠣᠯ ᠤᠯᠤᠰ ᠤᠨ ᠡᠳ᠋ ᠦᠨ ᠵᠠᠰᠠᠭ ᠤᠨ ᠴᠢᠨᠠᠭᠰᠢᠳᠠ ᠶᠢᠨ ᠥᠰᠦᠯᠲᠡ 《ᠤᠭ᠍ᠶᠤᠲᠤᠯᠤᠭᠠᠢ》 ᠲᠥᠰᠥᠯ ᠦᠨ ᠭᠦᠨ ᠦ ᠠᠭᠤᠷᠬᠠᠢ ᠲᠠᠢ  ᠬᠤᠯᠪᠤᠭ᠎ᠠ ᠲᠠᠢ ᠮᠠᠷᠭᠤᠭᠠᠨ ᠢ ᠬᠡᠷᠬᠢᠨ ᠰᠢᠢᠳᠪᠦᠷᠢᠯᠡᠬᠦ ᠡᠴᠡ ᠲᠣᠳᠣᠷᠬᠠᠢ ᠬᠡᠮᠵᠢᠶ᠎ᠡ ᠪᠡᠷ ᠬᠠᠮᠢᠶᠠᠷᠬᠤ ᠶᠢ ᠣᠨᠴᠠᠯᠠᠵᠠᠢ᠃ ᠮᠥᠨ ᠲᠥᠷᠥ ᠶᠢᠨ ᠬᠦᠨᠳᠦ ᠰᠤᠷᠲᠠᠯ ᠲᠠᠢ ᠬᠣᠯᠪᠣᠭᠠᠲᠠᠢ ᠬᠡᠳᠦ ᠬᠡᠳᠦᠨ ᠠᠯᠳᠠᠭ᠎ᠠ ᠳᠤᠲᠠᠭᠳᠠᠯ ᠢ ᠬᠥᠷᠥᠩᠭᠡ ᠣᠷᠣᠭᠤᠯᠤᠭᠴᠢᠳ ᠰᠢᠭᠦᠮᠵᠢᠯᠡᠭᠰᠡᠨ ᠲᠠᠯ᠎ᠠ ᠪᠠᠷ ᠳᠤᠷᠠᠳᠤᠭᠰᠠᠨ ᠪᠠᠶᠢᠨ᠎ᠠ᠃
ᠭᠠᠳᠠᠭᠠᠳᠤ᠂ ᠳᠣᠲᠣᠭᠠᠳᠤ ᠶᠢᠨ ᠬᠥᠷᠦᠩᠭᠡ ᠣᠷᠣᠭᠤᠯᠤᠭᠴᠢᠳ ᠤᠨ ᠡᠷᠬᠡ ᠵᠦᠢ ᠶᠢᠨ ᠪᠠᠶᠢᠳᠠᠯ ᠢ ᠬᠠᠷᠢᠴᠠᠭᠤᠯᠤᠨ ᠬᠠᠷᠠᠪᠠᠯ ᠦᠯᠦ ᠬᠦᠳᠡᠯᠬᠦ ᠬᠥᠷᠦᠩᠭᠡ ᠶᠢᠨ ᠰᠠᠯᠪᠤᠷᠢ ᠠᠴᠠ ᠪᠤᠰᠤᠳ ᠰᠠᠯᠪᠤᠷᠢ ᠳᠤ ᠠᠳᠠᠯᠢ ᠲᠡᠭᠰᠢ ᠡᠷᠬᠡ ᠡᠳ᠋ᠯᠡᠵᠦ ᠪᠠᠶᠢᠭ᠎ᠠ ᠶᠢ ᠳᠤᠷᠠᠳᠴᠠᠢ᠃ ᠲᠤᠬᠠᠶᠢᠯᠠᠪᠠᠯ᠄ ᠮᠣᠩᠭᠣᠯ ᠤᠯᠤᠰ ᠤᠨ ᠨᠠᠰᠤᠨ ᠳᠤ ᠬᠦᠷᠦᠭᠰᠡᠨ ᠢᠷᠭᠡᠨ ᠦᠯᠦ ᠬᠦᠳᠡᠯᠬᠦ ᠬᠥᠷᠦᠩᠭᠡ ᠡᠵᠡᠮᠰᠢᠵᠦ ᠪᠣᠯᠳᠠᠭ᠃ ᠬᠠᠷᠢᠨ ᠭᠠᠳᠠᠭᠠᠳᠤ ᠶᠢᠨ ᠬᠥᠷᠥᠩᠭᠡ ᠣᠷᠣᠭᠤᠯᠤᠭᠴᠢᠳ ᠭᠠᠵᠠᠷ ᠢ ᠲᠠᠪᠤᠨ ᠵᠢᠯ ᠢᠶᠡᠷ ᠡᠵᠡᠮᠰᠢᠵᠦ᠂ ᠨᠢᠭᠡ ᠤᠳᠠᠭ᠎ᠠ ᠲᠠᠪᠤᠨ ᠵᠢᠯ ᠢᠶᠡᠷ ᠰᠤᠩᠭᠠᠬᠤ ᠪᠣᠯᠤᠮᠵᠢ ᠲᠠᠢ ᠪᠠᠶᠢᠭ᠎ᠠ ᠶᠤᠮ᠃ ᠮᠥᠨ ᠠᠵᠤ ᠠᠬᠤᠢ ᠶᠢᠨ ᠨᠢᠭᠡᠴᠡ ᠪᠠᠶᠢᠭᠤᠯᠬᠤ ᠳᠤ ᠭᠠᠳᠠᠭᠠᠳᠤ ᠬᠥᠷᠦᠩᠭᠡ ᠣᠷᠣᠭᠤᠯᠤᠭᠴᠢᠳ ᠬᠥᠷᠦᠩᠭᠡ ᠣᠷᠣᠭᠤᠯᠤᠯᠲᠠ ᠶᠢᠨ ᠳᠤᠤᠷᠠᠳᠤ ᠬᠡᠮᠵᠢᠶ᠎ᠡ ᠶᠢ 100 ᠮᠢᠩᠭᠠᠨ ᠳ᠋ᠣᠯᠯᠠᠷ ᠢᠶᠠᠷ ᠲᠣᠭᠲᠠᠭᠠᠭᠰᠠᠨ ᠪᠣᠯ ᠮᠣᠩᠭᠣᠯ ᠤᠨ ᠬᠥᠷᠦᠩᠭᠡ ᠣᠷᠣᠭᠤᠯᠤᠭᠴᠢᠳ ᠲᠤ ᠡᠶᠢᠮᠦ ᠱᠠᠭᠠᠷᠳᠠᠯᠭ᠎ᠠ ᠵᠢᠭᠠᠭ᠎ᠠ ᠦᠭᠡᠢ ᠪᠠᠶᠢᠳᠠᠭ ᠢ ᠲᠣᠳᠣᠳᠬᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ