ᠮᠣᠩᠭᠣᠯ ᠪᠠᠩᠬᠢ ᠨᠠᠢ᠌ᠮᠠᠳᠤᠭᠠᠷ ᠰᠠᠷ᠎ᠠ ᠳᠤ 1.9 ᠲᠣᠨ ᠦᠨᠡᠲᠦ ᠮᠧᠲ᠋ᠠᠯ ᠬᠤᠳᠠᠯᠳᠤᠨ ᠠᠪᠤᠪᠠ | News.MN

ᠮᠣᠩᠭᠣᠯ ᠪᠠᠩᠬᠢ ᠨᠠᠢ᠌ᠮᠠᠳᠤᠭᠠᠷ ᠰᠠᠷ᠎ᠠ ᠳᠤ 1.9 ᠲᠣᠨ ᠦᠨᠡᠲᠦ ᠮᠧᠲ᠋ᠠᠯ ᠬᠤᠳᠠᠯᠳᠤᠨ ᠠᠪᠤᠪᠠ

ᠮᠣᠩᠭᠣᠯ ᠪᠠᠩᠬᠢ ᠡᠨᠡ ᠣᠨ ᠤ ᠨᠠᠢ᠌ᠮᠠᠳᠤᠭᠠᠷ ᠰᠠᠷ᠎ᠠ ᠳᠤ 1.9 ᠲᠣᠨ ᠦᠨᠡᠲᠦ ᠮᠧᠲ᠋ᠠᠯ ᠬᠤᠳᠠᠯᠳᠤᠨ ᠠᠪᠴᠤ᠂ ᠣᠨ ᠤ ᠡᠬᠢᠨ ᠡᠴᠡ ᠥᠰᠦᠭᠰᠡᠨ ᠳ᠋ᠦᠩ ᠢᠶᠡᠷ ᠨᠡᠶᠢᠲᠡ 12.9 ᠲᠣᠨ ᠦᠨᠡᠲᠦ ᠮᠧᠲ᠋ᠠᠯ ᠬᠤᠳᠠᠯᠳᠤᠨ ᠠᠪᠤᠭᠠᠳ ᠪᠠᠶᠢᠨ᠎ᠠ᠃ ᠡᠨᠡ ᠨᠢ ᠡᠮᠦᠨᠡᠬᠢ ᠣᠨ ᠤ ᠮᠥᠨ ᠦᠶ᠎ᠡ ᠶᠢᠨ ᠬᠢ ᠲᠡᠢ ᠬᠠᠷᠢᠴᠠᠭᠤᠯᠪᠠᠯ 1.8 ᠲᠣᠨ ᠪᠠᠷ ᠪᠠᠭᠠᠰᠤᠭᠰᠠᠨ ᠦᠵᠡᠭᠦᠯᠦᠯᠲᠡ ᠭᠡᠳᠡᠭ ᠢ ᠲᠥᠪ ᠪᠠᠩᠬᠢ ᠮᠡᠳᠡᠭᠡᠯᠡᠪᠡ᠃
ᠨᠠᠢ᠌ᠮᠠᠳᠤᠭᠠᠷ ᠰᠠᠷ᠎ᠠ  ᠳᠤ ᠳᠠᠷᠬᠠᠨ-ᠠᠭᠤᠯᠠ ᠠᠶᠢᠮᠠᠭ  ᠲᠤ 109.5 ᠺᠢᠯᠦᠭᠷᠡᠮ᠂ ᠪᠠᠶᠠᠨᠬᠣᠩᠭᠣᠷ ᠠᠶᠢᠮᠠᠭ ᠲᠤ 162.1 ᠺᠢᠯᠦᠭᠷᠡᠮ ᠦᠨᠡᠲᠦ ᠮᠧᠲ᠋ᠠᠯ ᠬᠤᠳᠠᠯᠳᠤᠨ ᠠᠪᠤᠭᠰᠠᠨ  ᠶᠤᠮ᠃ ᠮᠣᠩᠭᠣᠯ ᠪᠠᠩᠬᠢᠨ ᠤ ᠨᠢᠭᠡ ᠭᠷᠠᠮ ᠠᠯᠲᠠ ᠬᠤᠳᠠᠯᠳᠤᠨ ᠠᠪᠬᠤ ᠳᠤᠮᠳᠠᠴᠢ ᠬᠠᠩᠰᠢ 163323.50 ᠲᠥᠭᠥᠷᠢᠭ ᠪᠠᠶᠢᠯ᠎ᠠ᠃

ᠰᠡᠳᠬᠢᠭᠳᠡᠯ ᠦᠯᠡᠳᠡᠭᠡᠬᠦ