ᠮᠦᠨᠵᠸ ᠶᠢᠨ ᠲᠡᠢ ᠳᠡᠭᠡᠳᠦ ᠲᠦᠪᠰᠢᠨ ᠦ ᠴᠠᠬᠢᠮ ᠠᠭᠤᠯᠵᠠᠯᠲᠠ ᠬᠢᠯ᠎ᠡ | News.MN

ᠮᠦᠨᠵᠸ ᠶᠢᠨ ᠲᠡᠢ ᠳᠡᠭᠡᠳᠦ ᠲᠦᠪᠰᠢᠨ ᠦ ᠴᠠᠬᠢᠮ ᠠᠭᠤᠯᠵᠠᠯᠲᠠ ᠬᠢᠯ᠎ᠡ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠶᠡᠷᠦᠩᠬᠡᠶᠢᠯᠡᠭᠴᠢ ᠮᠦᠨ ᠵᠸ ᠶᠢᠨ ᠲᠡᠢ 2021 ᠣᠨ ᠤ ᠶᠢᠰᠦᠳᠦᠭᠡᠷ ᠰᠠᠷ᠎ᠠ ᠶᠢᠨ 10 ᠤ ᠡᠳᠦᠷ ᠳᠡᠭᠡᠳᠦ ᠲᠥᠪᠰᠢᠨ ᠦ ᠴᠠᠬᠢᠮ ᠠᠭᠤᠯᠵᠠᠯᠲᠠ  ᠬᠢᠵᠤ᠂ ᠬᠣᠶᠠᠷ ᠤᠯᠤᠰ ᠤᠨ ᠬᠠᠷᠢᠯᠴᠠᠭ᠎ᠠ ᠶᠢ ᠰᠲᠷᠠᠲ᠋ᠧᠭᠢ ᠶᠢᠨ ᠲᠦᠩᠰᠢᠯᠡᠯ  ᠤᠨ ᠲᠥᠪᠰᠢᠨ ᠳᠦ ᠳᠡᠪᠰᠢᠭᠦᠯᠦᠨ ᠬᠥᠭᠵᠢᠭᠦᠯᠬᠦ ᠪᠡᠷ ᠲᠣᠬᠢᠷᠠᠯᠴᠠᠵᠤ᠂ ᠬᠠᠮᠲᠤᠷᠠᠭᠰᠠᠨ ᠲᠤᠩᠬᠠᠭᠯᠠᠯ ᠭᠠᠷᠭᠠᠪᠠ᠃
ᠤ᠊∙ᠬᠦᠷᠡᠯᠰᠦ᠋ᠬᠡ ᠮᠠᠨ ᠤ ᠬᠣᠶᠠᠷ ᠤᠯᠤᠰ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ᠂ ᠵᠠᠬ᠎ᠠ ᠵᠡᠭᠡᠯᠢ ᠶᠢᠨ ᠡᠳ᠋  ᠦᠨ ᠵᠠᠰᠠᠭ ᠵᠡᠷᠭᠡ ᠨᠡᠶᠢᠲᠡᠯᠢᠭ ᠦᠨᠡᠲᠦ ᠵᠦᠢᠯᠡᠰ ᠲᠦ ᠪᠡᠨ ᠲᠤᠯᠭᠠᠭᠤᠷᠢᠯᠠᠨ ᠥᠩᠭᠡᠷᠡᠭᠰᠡᠨ 30 ᠭᠠᠷᠤᠢ ᠵᠢᠯ ᠦᠨ ᠬᠤᠭᠤᠴᠠᠭᠠᠨ ᠳᠤ ᠬᠣᠶᠠᠷ ᠲᠠᠯ᠎ᠠ ᠶᠢᠨ ᠬᠠᠷᠢᠯᠴᠠᠭ᠎ᠠ ᠶᠢ ᠥᠨᠥ ᠶᠢᠨ ᠥᠨᠳᠦᠷ ᠲᠥᠪᠰᠢᠨ ᠳᠦ ᠬᠦᠷᠭᠡᠨ ᠬᠥᠭᠵᠢᠭᠦᠯᠵᠦ ᠢᠷᠡᠭᠰᠡᠨ ᠢ ᠳᠤᠷᠠᠳᠤᠭᠠᠳ᠂ ᠭᠤᠷᠪᠠᠳᠠᠭᠴᠢ ᠬᠥᠷᠰᠢ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠲᠠᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠴᠢᠨᠠᠭᠰᠢᠳᠠ ᠤᠯᠠᠮ ᠪᠡᠬᠢᠵᠢᠭᠦᠯᠦᠨ ᠬᠥᠭᠵᠢᠭᠦᠯᠬᠦ ᠶᠢᠨ ᠲᠥᠯᠦᠭᠡ ᠪᠠᠶᠢᠭ᠎ᠠ ᠪᠠᠨ ᠢᠯᠡᠷᠬᠡᠶᠢᠯᠡᠯ᠎ᠡ᠃

ᠶᠡᠷᠦᠩᠬᠡᠶᠢᠯᠡᠭᠴᠢ ᠮᠦᠨᠵᠸ ᠶᠢᠨ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠰᠣᠩᠭᠣᠭᠤᠯᠢ ᠳᠤ ᠢᠯᠠᠯᠲᠠ ᠪᠠᠶᠢᠭᠤᠯᠤᠭᠰᠠᠨ ᠳᠤ ᠨᠢ ᠪᠠᠶᠠᠷ ᠬᠦᠷᠭᠡᠭᠡᠳ ᠂ ᠮᠣᠩᠭᠣᠯ ᠤᠯᠤᠰ ᠤᠨ ᠰᠢᠨ᠎ᠡ ᠲᠥᠷᠥ ᠶᠢᠨ ᠲᠡᠷᠢᠭᠦᠨ ᠲᠡᠢ ᠳᠡᠭᠡᠳᠦ ᠲᠥᠪᠰᠢᠨ ᠦ ᠠᠭᠤᠯᠵᠠᠯᠲᠠ ᠬᠢᠵᠦ ᠪᠤᠢ ᠠᠩᠬᠠᠨ ᠤ ᠭᠠᠳᠠᠭᠠᠳᠤ ᠤᠯᠤᠰ ᠤᠨ ᠶᠡᠷᠦᠩᠬᠡᠶᠢᠯᠡᠭᠴᠢ ᠪᠣᠯᠤᠭᠰᠠᠨ ᠳᠤ ᠪᠠᠨ ᠪᠠᠶᠠᠷ ᠲᠠᠢ ᠪᠠᠶᠢᠭ᠎ᠠ ᠪᠠᠨ ᠢᠯᠡᠷᠬᠡᠶᠢᠯᠡᠪᠡ᠃ ᠲᠡᠷᠡ ᠪᠡᠷ 《ᠰᠢᠨ᠎ᠡ ᠤᠮᠠᠷᠠᠳᠤ ᠶᠢᠨ ᠪᠣᠳᠣᠯᠭ᠎ᠠ》  ᠶᠢᠨ ᠴᠢᠬᠤᠯᠠ ᠲᠦᠩᠰᠢ ᠤᠯᠤᠰ ᠪᠣᠯᠬᠤ ᠮᠣᠩᠭᠣᠯ ᠤᠯᠤᠰ ᠲᠠᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠵᠦ᠂ 《ᠠᠯᠤᠰ ᠤᠨ ᠬᠠᠷᠠᠭ᠎ᠠ-2050》 ᠮᠣᠩᠭᠣᠯ ᠤᠯᠤᠰ ᠤᠨ ᠤᠷᠲᠤ ᠬᠤᠭᠤᠴᠠᠭᠠᠨ ᠤ ᠬᠥᠭᠵᠢᠯ ᠦᠨ ᠪᠣᠳᠣᠯᠭ᠎ᠠ ᠶᠢ ᠬᠡᠷᠡᠭᠵᠢᠭᠦᠯᠬᠦ ᠦᠢᠯᠡ ᠶᠠᠪᠤᠴᠠ ᠳᠤ ᠬᠠᠮᠲᠤᠷᠠᠨ ᠠᠵᠢᠯᠯᠠᠬᠤ ᠪᠠᠨ ᠬᠡᠯᠡᠯ᠎ᠡ᠃

ᠰᠡᠳᠬᠢᠭᠳᠡᠯ ᠦᠯᠡᠳᠡᠭᠡᠬᠦ