ᠭᠠᠳᠠᠭᠠᠳᠤ ᠳᠤ ᠰᠠᠭᠤᠭ᠎ᠠ ᠮᠣᠩᠭᠣᠯᠴᠤᠳ ᠢ ᠪᠣᠳᠣᠯᠭ᠎ᠠ ᠪᠠᠷ ᠳᠡᠮᠵᠢᠨ᠎ᠡ | News.MN

ᠭᠠᠳᠠᠭᠠᠳᠤ ᠳᠤ ᠰᠠᠭᠤᠭ᠎ᠠ ᠮᠣᠩᠭᠣᠯᠴᠤᠳ ᠢ ᠪᠣᠳᠣᠯᠭ᠎ᠠ ᠪᠠᠷ ᠳᠡᠮᠵᠢᠨ᠎ᠡ

ᠶᠡᠷᠦᠩᠬᠡᠶᠢᠯᠡᠭᠴᠢ ᠤ᠊∙ᠬᠦᠷᠡᠯᠰᠦ᠋ᠬᠡ ᠬᠢᠯᠢ ᠶᠢᠨ ᠴᠢᠨᠠᠳᠤ ᠳ᠋ᠡᠬᠢ ᠮᠣᠩᠭᠣᠯᠴᠤᠳ ᠤᠨ ᠵᠥᠪᠯᠡᠯ ᠦᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪ∙ᠮᠥᠩᠬᠡᠳᠡᠯᠭᠡᠷ᠂ ᠰᠫᠣᠷᠲ ᠬᠥᠭᠵᠢᠯ ᠦᠨ ᠬᠣᠷᠢᠶᠠᠨ ᠤ ᠳᠠᠷᠤᠭ᠎ᠠ ᠳ∙ᠠᠮᠤᠷᠪᠠᠶᠠᠰᠬᠤᠯᠠᠩ ᠨᠠᠷ ᠢ ᠬᠦᠯᠢᠶᠡᠨ ᠠᠪᠴᠤ ᠠᠭᠤᠯᠵᠠᠭᠠᠳ ᠂ ᠭᠠᠳᠠᠭᠠᠳᠤ ᠣᠷᠣᠨ ᠳᠤ ᠠᠮᠢᠳᠤᠷᠠᠵᠤ᠂ ᠠᠵᠢᠯᠯᠠᠵᠤ ᠪᠠᠶᠢᠭ᠎ᠠ ᠮᠣᠩᠭᠣᠯ ᠢᠷᠭᠡᠳ ᠦᠨ ᠡᠷᠬᠡ ᠠᠰᠢᠭ ᠢ ᠬᠠᠮᠠᠭᠠᠯᠠᠬᠤ᠂ ᠲᠡᠦᠬᠡ᠂ ᠰᠤᠶᠤᠯ᠂ ᠵᠠᠩ ᠵᠠᠩᠰᠢᠯ ᠢᠶᠠᠨ ᠲᠦᠭᠡᠭᠡᠨ ᠳᠡᠯᠭᠡᠷᠡᠭᠦᠯᠬᠦ᠂ ᠲᠥᠷᠥ ᠶᠢᠨ ᠠᠴᠢᠶ᠎ᠠ ᠶᠢ ᠲᠣᠳᠣᠷᠬᠠᠢ ᠬᠡᠮᠵᠢᠶ᠎ᠡ ᠪᠡᠷ ᠡᠭᠦᠷᠴᠦ ᠪᠠᠶᠢᠭ᠎ᠠ ᠬᠢᠯᠢ ᠶᠢᠨ ᠴᠢᠨᠠᠳᠤ ᠳ᠋ᠡᠬᠢ ᠮᠣᠩᠭᠣᠯᠴᠤᠳ ᠤᠨ ᠵᠥᠪᠯᠡᠯ ᠦᠨ ᠬᠠᠮᠲᠤ ᠤᠯᠠᠨ ᠳᠤ ᠲᠠᠯᠠᠷᠬᠠᠯ ᠢᠯᠡᠷᠬᠡᠶᠢᠯᠡᠯ᠎ᠡ᠃

ᠬᠢᠯᠢ ᠶᠢᠨ ᠴᠢᠨᠠᠳᠤ ᠳ᠋ᠡᠬᠢ ᠮᠣᠩᠭᠣᠯᠴᠤᠳ ᠤᠨ ᠵᠥᠪᠯᠡᠯ ᠦᠨ ᠬᠠᠮᠲᠤ ᠣᠯᠠᠨ ᠬᠢᠯᠢ ᠶᠢᠨ ᠴᠢᠨᠠᠳᠤ ᠳᠤ ᠪᠣᠯᠤᠨ ᠡᠬᠡ ᠣᠷᠣᠨ ᠳᠤ ᠪᠠᠨ ᠠᠮᠢᠳᠤᠷᠠᠵᠤ ᠪᠠᠶᠢᠭ᠎ᠠ ᠬᠡᠦᠬᠡᠳ ᠪᠠᠭᠠᠴᠤᠳ᠂ ᠭᠡᠷ ᠪᠦᠯᠢ᠂ ᠪᠠᠭᠰᠢ ᠨᠠᠷ ᠲᠤ ᠵᠣᠷᠢᠭᠤᠯᠵᠤ ᠨᠡᠭᠦᠳᠡᠯᠴᠢᠳ ᠦᠨ ᠠᠬᠤᠢ᠂ ᠥᠪ ᠰᠤᠶᠤᠯ᠂ ᠲᠡᠦᠬᠡ᠂ ᠡᠬᠡ ᠬᠡᠯᠡ ᠪᠢᠴᠢᠭ ᠢᠶᠡᠨ ᠲᠠᠨᠢᠨ ᠮᠡᠳᠡᠬᠦ᠂ ᠰᠤᠷᠤᠯᠴᠠᠬᠤ᠂ ᠲᠦᠭᠡᠭᠡᠨ ᠳᠡᠯᠭᠡᠷᠡᠭᠦᠯᠬᠦ ᠵᠤᠨ ᠤ ᠬᠥᠳᠡᠯᠮᠦᠷᠢ ᠵᠤᠰᠠᠯᠠᠩ ᠤᠨ ᠴᠣᠭᠴᠠᠯᠠᠪᠤᠷᠢ ᠪᠠᠶᠢᠭᠤᠯᠬᠤ 《ᠨᠡᠭᠦᠳᠡᠯ ᠦᠨ ᠰᠤᠶᠤᠯ ᠤᠨ ᠪᠣᠯᠪᠠᠰᠤᠷᠠᠯ》 ᠲᠥᠰᠥᠯ ᠬᠡᠷᠡᠭᠵᠢᠭᠦᠯᠵᠦ ᠪᠠᠶᠢᠨ᠎ᠠ᠃ ᠡᠬᠢᠨ ᠦ ᠱᠠᠲᠤ ᠶᠢ 2017-2019 ᠣᠨ ᠳᠤ ᠬᠡᠨᠲᠡᠢ ᠠᠶᠢᠮᠠᠭ ᠤᠨ ᠴᠡᠩᠬᠡᠷᠮᠠᠨᠳᠠᠯ ᠰᠤᠮᠤᠨ ᠳᠤ ᠬᠡᠷᠡᠭᠵᠢᠭᠦᠯᠦᠭᠰᠡᠨ ᠪᠣᠯ 2021-2022 ᠣᠨ ᠳᠤ ᠥᠪᠦᠷᠬᠠᠩᠭᠠᠢ ᠠᠶᠢᠮᠠᠭ ᠤᠨ ᠶᠢᠰᠦᠨ ᠵᠦᠢᠯ ᠰᠤᠮᠤᠨ ᠳᠤ᠂ 2022-2026 ᠣᠨ ᠳᠤ ᠳᠤᠮᠳᠠᠭᠤᠪᠢ᠂ ᠤᠪᠰᠤ᠂ ᠬᠥᠪᠰᠥᠭᠥᠯ ᠠᠶᠢᠮᠠᠭ ᠲᠤ ᠬᠡᠷᠡᠭᠵᠢᠭᠦᠯᠬᠦ ᠪᠡᠷ ᠲᠥᠯᠥᠪᠯᠡᠵᠡᠢ᠃

ᠰᠡᠳᠬᠢᠭᠳᠡᠯ ᠦᠯᠡᠳᠡᠭᠡᠬᠦ