ᠹᠷᠠᠨᠼᠢ᠂ ᠮᠣᠩᠭᠣᠯ ᠤᠨ ᠬᠠᠷᠢᠯᠴᠠᠭ᠎ᠠ ᠶᠢ ᠰᠢᠨ᠎ᠡ ᠲᠦᠪᠰᠢᠨ ᠳᠦ ᠬᠦᠷᠭᠡᠨ᠎ᠡ | News.MN

ᠹᠷᠠᠨᠼᠢ᠂ ᠮᠣᠩᠭᠣᠯ ᠤᠨ ᠬᠠᠷᠢᠯᠴᠠᠭ᠎ᠠ ᠶᠢ ᠰᠢᠨ᠎ᠡ ᠲᠦᠪᠰᠢᠨ ᠳᠦ ᠬᠦᠷᠭᠡᠨ᠎ᠡ

ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠰᠧᠨᠠᠲ ᠳᠠᠬᠢ ᠹᠷᠠᠨᠼᠢ-ᠮᠣᠩᠭᠣᠯ ᠤᠨ ᠨᠠᠶᠢᠷᠠᠮᠳᠠᠯ ᠤᠨ ᠪᠦᠯᠦᠭ ᠦᠨ ᠳᠠᠷᠤᠭ᠎ᠠ ᠹᠢᠯᠢᠫᠫ  ᠮᠦᠶ᠋ᠸ ᠲᠡᠷᠢᠭᠦᠲᠡᠢ ᠲᠥᠯᠥᠭᠡᠯᠡᠭᠴᠢᠳ ᠮᠠᠨ ᠤ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠵᠦ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠳᠤ ᠪᠠᠷᠠᠭᠠᠯᠬᠠᠵᠤ᠂ ᠤᠯᠤᠰ ᠤᠨ ᠶᠡᠬᠡ ᠬᠤᠷᠠᠯ ᠳ᠋ᠡᠬᠢ ᠮᠣᠩᠭᠣᠯ-ᠹᠷᠠᠨᠼᠢ ᠶᠢᠨ ᠫᠠᠷᠯᠠᠮᠧᠨᠲ ᠤᠨ ᠪᠦᠯᠦᠭ ᠦᠨ ᠳᠠᠷᠤᠭ᠎ᠠ ᠵ ∙  ᠴᠢᠩᠪᠦ᠋ᠷᠢᠨ ᠪᠣᠯᠤᠨ ᠤᠯᠤᠰ ᠤᠨ ᠶᠡᠬᠡ ᠬᠤᠷᠠᠯ ᠳ᠋ᠡᠬᠢ ᠡᠮᠡᠭᠲᠡᠢ ᠭᠡᠰᠢᠭᠦᠳ ᠦᠨ ᠪᠦᠯᠦᠭ ᠦᠨ ᠲᠥᠯᠥᠭᠡᠯᠡᠯ ᠲᠡᠢ ᠠᠭᠤᠯᠵᠠᠵᠤ᠂ ᠬᠣᠶᠠᠷ ᠤᠯᠤᠰ ᠤᠨ ᠬᠠᠷᠢᠯᠴᠠᠭ᠎ᠠ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠠᠰᠠᠭᠤᠳᠠᠯ ᠢᠶᠠᠷ ᠰᠠᠨᠠᠯ ᠰᠣᠯᠢᠯᠴᠠᠭᠰᠠᠨ ᠶᠤᠮ᠃

ᠹᠷᠠᠨᠼᠢ-ᠮᠣᠩᠭᠣᠯ ᠤᠨ ᠨᠠᠶᠢᠷᠠᠮᠳᠠᠯ ᠤᠨ ᠪᠦᠯᠦᠭ ᠦᠨ ᠳᠠᠷᠤᠭ᠎ᠠ ᠹᠢᠯᠢᠫᠫ ᠮᠦᠶ᠋ᠸ ᠨᠠᠷ ᠬᠡᠪᠯᠡᠯ ᠦᠨ ᠬᠢᠨ ᠳᠦ ᠦᠭᠭᠦᠭᠰᠡᠨ ᠮᠡᠳᠡᠭᠡᠯᠡᠯ  ᠳᠦ ᠪᠡᠨ᠄ ᠮᠠᠨ ᠤ ᠬᠣᠶᠠᠷ ᠤᠯᠤᠰ ᠤᠨ ᠬᠠᠷᠢᠯᠴᠠᠭ᠎ᠠ ᠣᠯᠠᠨ ᠵᠠᠭᠤᠨ ᠵᠢᠯ ᠦᠨ ᠲᠡᠦᠬᠡᠨ ᠤᠯᠠᠮᠵᠢᠯᠠᠯ ᠲᠠᠢ᠃ ᠬᠣᠶᠠᠷ ᠤᠯᠤᠰ ᠤᠨ ᠬᠠᠷᠢᠯᠴᠠᠭ᠎ᠠ ᠲᠡᠷᠡ ᠳᠤᠮᠳᠠ ᠪᠠᠨ ᠫᠠᠷᠯᠠᠮᠧᠨᠲ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠬᠦᠰᠡᠯ ᠡᠷᠡᠮᠡᠯᠵᠡᠯ ᠠᠯᠢ ᠠᠯᠢ ᠲᠠᠯ᠎ᠠ ᠳᠤ ᠪᠠᠶᠢᠭ᠎ᠠ ᠳᠤ ᠪᠠᠶᠠᠷ ᠲᠠᠢ ᠪᠠᠶᠢᠨ᠎ᠠ᠃ ᠹᠷᠠᠨᠼᠢ ᠤᠯᠤᠰ ᠢ 《ᠭᠤᠷᠪᠠᠳᠠᠭᠴᠢ ᠬᠥᠷᠰᠢ》 ᠬᠡᠮᠡᠨ ᠦᠵᠡᠵᠦ ᠪᠠᠢᠭ᠎ᠠ ᠳᠤ ᠲᠠᠯᠠᠷᠬᠠᠯ ᠲᠠᠢ ᠪᠠᠶᠢᠭ᠎ᠠ ᠪᠥᠭᠡᠳ ᠡᠨᠡ ᠨᠢ ᠬᠠᠷᠢᠯᠴᠠᠭᠠᠨ ᠤ ᠲᠦᠪᠰᠢᠨ ᠢ ᠠᠬᠢᠭᠤᠯᠬᠤ ᠳᠤ ᠲᠣᠮᠣ ᠲᠦᠯᠬᠢᠴᠡ ᠪᠣᠯᠤᠨ᠎ᠠ ᠭᠡᠳᠡᠭ ᠲᠦ ᠢᠲᠡᠭᠡᠯ ᠲᠡᠢ ᠪᠠᠶᠢᠨ᠎ᠠ᠃ ᠠᠶᠢᠯᠴᠢᠯᠠᠯ ᠤᠨ ᠬᠦᠷᠢᠶᠡᠨ ᠳᠦ ᠬᠢᠭᠰᠡᠨ ᠠᠭᠤᠯᠵᠠᠯᠲᠠ ᠨᠤᠭᠤᠳ ᠢᠶᠠᠷ ᠪᠢᠳᠡ ᠤᠯᠤᠰ ᠲᠥᠷᠥ᠂ ᠡᠳ᠋ ᠦᠨ ᠵᠠᠰᠠᠭ᠂ ᠪᠠᠲᠤᠯᠠᠨ ᠬᠠᠮᠠᠭᠠᠯᠠᠬᠤ᠂ ᠰᠤᠶᠤᠯ᠂ ᠬᠦᠮᠦᠯᠢᠭ᠂ ᠡᠷᠡᠭᠦᠯ ᠮᠡᠨᠳᠦ᠂ ᠪᠣᠯᠪᠠᠰᠤᠷᠠᠯ ᠤᠨ ᠰᠠᠯᠪᠤᠷᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠡᠷᠴᠢᠮᠲᠡᠢ ᠬᠥᠭᠵᠢᠭᠦᠯᠬᠦ ᠠᠰᠠᠭᠤᠳᠠᠯ ᠢᠶᠠᠷ ᠶᠠᠷᠢᠯᠴᠠᠵᠤ᠂ ᠰᠠᠨᠠᠯ ᠰᠣᠯᠢᠯᠴᠠᠯ᠎ᠠ ᠭᠡᠪᠡ᠃

ᠰᠡᠳᠬᠢᠭᠳᠡᠯ ᠦᠯᠡᠳᠡᠭᠡᠬᠦ