ᠠᠦ᠋ᠲ᠋ᠣ᠋ ᠵᠠᠮ ᠤᠨ ᠪᠣᠭᠣᠮᠲᠠ ᠨᠤᠭᠤᠳ ᠢ ᠠᠵᠢᠯᠯᠠᠭᠤᠯᠬᠤ ᠪᠠᠷ ᠬᠢᠲᠠᠳ ᠲᠠᠢ ᠲᠣᠬᠢᠷᠠᠯᠴᠠᠯ᠎ᠠ | News.MN

ᠠᠦ᠋ᠲ᠋ᠣ᠋ ᠵᠠᠮ ᠤᠨ ᠪᠣᠭᠣᠮᠲᠠ ᠨᠤᠭᠤᠳ ᠢ ᠠᠵᠢᠯᠯᠠᠭᠤᠯᠬᠤ ᠪᠠᠷ ᠬᠢᠲᠠᠳ ᠲᠠᠢ ᠲᠣᠬᠢᠷᠠᠯᠴᠠᠯ᠎ᠠ

ᠮᠣᠩᠭᠣᠯ᠂ ᠬᠢᠲᠠᠳ ᠤᠨ《ᠬᠢᠯᠢ ᠶᠢᠨ ᠪᠣᠭᠣᠮᠲᠠ᠂ ᠲᠡᠳᠡᠭᠡᠷ ᠦᠨ ᠳᠢᠭᠯᠢᠮ ᠦᠨ ᠲᠤᠬᠠᠢ》ᠮᠣᠩᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠦᠨ ᠳᠠᠭᠠᠤ 2021 ᠣᠨ ᠤ ᠰᠡᠭᠦᠯ ᠦᠨ ᠬᠠᠭᠠᠰ ᠵᠢᠯ ᠦᠨ ᠬᠤᠭᠤᠴᠠᠭᠠᠨ ᠳᠤ ᠬᠡᠷᠬᠢᠨ ᠠᠵᠢᠯᠯᠠᠬᠤ ᠲᠠᠯ᠎ᠠ ᠪᠠᠷ ᠳ᠋ᠢᠫᠯᠣᠮᠠᠲ ᠱᠤᠭᠤᠮ ᠢᠶᠠᠷ ᠬᠠᠷᠢᠯᠴᠠᠨ ᠲᠣᠬᠢᠷᠠᠯᠴᠠᠯ᠎ᠠ᠃

ᠲᠤᠬᠠᠢᠯᠠᠪᠠᠯ ᠪᠦᠭᠦᠳᠡ ᠨᠠᠶᠢᠷᠠᠮᠳᠠᠬᠤ ᠤᠯᠤᠰ ᠲᠤᠩᠬᠠᠭᠯᠠᠭᠰᠠᠨ ᠡᠳᠦᠷ᠂ ᠶᠡᠬᠡ ᠡᠵᠡᠨ ᠴᠢᠩᠭᠢᠰ ᠬᠠᠭᠠᠨ ᠤ ᠡᠳᠦᠷ ᠂ ᠦᠨᠳᠦᠰᠦᠨ ᠦ ᠡᠷᠬᠡ ᠴᠢᠯᠦᠭᠡ ᠲᠤᠰᠠᠭᠠᠷ ᠲᠣᠭᠲᠠᠨᠠᠯ ᠢᠶᠠᠨ ᠰᠡᠷᠭᠦᠭᠡᠭᠰᠡᠨ ᠪᠠᠶᠠᠷ ᠤᠨ ᠡᠳᠦᠷ ᠦᠳ ᠲᠦ ᠬᠢᠯᠢ ᠶᠢᠨ ᠪᠤᠯᠠᠭᠠᠨ-ᠲᠠᠺᠠᠰᠢᠭᠡᠨ᠂ ᠪᠤᠯᠠᠭᠠᠨ- ᠯᠤᠤᠮᠢᠶᠤᠤ᠂  ᠰᠢᠪᠡᠭᠡᠬᠦ᠋ᠷᠡᠩ – ᠴᠡᠭᠡ᠂  ᠭᠠᠰᠢᠭᠤᠨᠰᠤᠬᠠᠢᠲᠤ- ᠭᠠᠭᠴᠠᠮᠤᠳᠤ᠂ ᠬᠠᠩᠭᠢ-ᠮᠠᠨᠳᠤᠯ᠂ ᠵᠠᠮ ᠤᠨ-ᠡᠭᠦᠳᠡ-ᠡᠷᠢᠶᠡᠨ᠂ ᠪᠢᠴᠢᠭᠲᠦ – ᠵᠠᠭᠦᠨ ᠬᠠᠳᠠᠪᠴᠢ᠂ ᠪᠠᠶᠠᠨᠬᠣᠰᠢᠭᠤ-ᠡᠪᠦᠳᠦᠭ ᠵᠡᠷᠭᠡ ᠬᠢᠯᠢ ᠶᠢᠨ ᠠᠦ᠋ᠲ᠋ᠣ᠋ ᠵᠠᠮ ᠤᠨ ᠪᠣᠭᠣᠮᠲᠠ ᠨᠤᠭᠤᠳ ᠢ ᠠᠵᠢᠯᠯᠠᠭᠤᠯᠬᠤ ᠪᠠᠷ ᠪᠣᠯᠤᠯ᠎ᠠ᠃

ᠰᠡᠳᠬᠢᠭᠳᠡᠯ ᠦᠯᠡᠳᠡᠭᠡᠬᠦ