ᠶᠢᠰᠦᠨᠪᠤᠯᠠᠭ ᠰᠤᠮᠤ ᠶᠢᠨ ᠲᠥᠰᠥᠪ ᠦᠨ ᠬᠢᠨᠠᠯᠲᠠ ᠶᠢᠨ ᠰᠣᠨᠣᠰᠬᠠᠯ ᠪᠣᠯᠪᠠ | News.MN

ᠶᠢᠰᠦᠨᠪᠤᠯᠠᠭ ᠰᠤᠮᠤ ᠶᠢᠨ ᠲᠥᠰᠥᠪ ᠦᠨ ᠬᠢᠨᠠᠯᠲᠠ ᠶᠢᠨ ᠰᠣᠨᠣᠰᠬᠠᠯ ᠪᠣᠯᠪᠠ

ᠭᠣᠪᠢ-ᠠᠯᠲᠠᠢ ᠠᠢᠮᠠᠭ ᠤᠨ ᠶᠢᠰᠦᠨᠪᠤᠯᠠᠭ ᠰᠤᠮᠤ ᠶᠢᠨ ᠣᠷᠣᠨ ᠨᠤᠲᠤᠭ ᠤᠨ ᠬᠥᠭᠵᠢᠯ ᠦᠨ ᠰᠠᠩ ᠤᠨ 2019-2020 ᠣᠨ ᠤ ᠲᠥᠰᠥᠪ ᠦᠨ ᠬᠢᠨᠠᠯᠲᠠ ᠶᠢᠨ ᠰᠣᠨᠣᠰᠬᠠᠯ ᠶᠢᠰᠦᠳᠦᠭᠡᠷ ᠰᠠᠷ᠎ᠠ ᠶᠢᠨ 15 ᠳᠦ ᠪᠣᠯᠤᠯ᠎ᠠ᠃ ᠰᠣᠨᠣᠰᠬᠠᠯ ᠤᠨ ᠡᠬᠢᠨ ᠳᠦ ᠲᠤᠰ ᠰᠤᠮᠤ ᠶᠢᠨᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠠ᠊ ∙ ᠪᠠᠰᠠᠩᠳᠠᠰᠢ 2019᠂ 2020 ᠣᠨ ᠳᠤ ᠶᠢᠰᠦᠨᠪᠤᠯᠠᠭ ᠰᠤᠮᠤᠨ ᠳᠤ ᠣᠷᠣᠨ ᠨᠤᠲᠤᠭ ᠤᠨ ᠬᠥᠭᠵᠢᠯ ᠦᠨ ᠰᠠᠩ ᠤᠨ ᠬᠥᠷᠥᠩᠭᠡ ᠪᠡᠷ ᠬᠢᠭᠰᠡᠨ ᠠᠵᠢᠯ ᠤᠳ ᠢ ᠲᠠᠨᠢᠯᠴᠠᠭᠤᠯᠤᠭᠰᠠᠨ ᠶᠤᠮ᠃

ᠲᠤᠬᠠᠢᠯᠠᠪᠠᠯ ᠭᠡᠷ ᠬᠣᠷᠢᠶᠠᠯᠠᠯ ᠤᠨ ᠭᠡᠷᠡᠯᠲᠦᠭᠦᠯᠭᠡ᠂ ᠶᠠᠪᠠᠭᠠᠨ ᠬᠦᠮᠦᠨ ᠦ ᠵᠠᠮ᠂ ᠠᠦ᠋ᠲ᠋ᠣ᠋ ᠮᠠᠰᠢᠨ ᠤ ᠵᠣᠭᠰᠣᠭᠠᠯ᠂ ᠠᠶᠢᠯ ᠡᠷᠦᠬᠡ ᠶᠢᠨ ᠬᠠᠰᠢᠶ᠎ᠠ ᠪᠤᠳᠤᠵᠤ ᠬᠡ ᠲᠠᠯᠪᠢᠬᠤ᠂ ᠴᠡᠴᠡᠷᠯᠢᠭ ᠦᠨ ᠠᠷᠢᠭᠤᠨ ᠴᠡᠪᠡᠷ ᠦᠨ ᠥᠷᠥᠭᠡ ᠶᠢ ᠲᠣᠬᠢᠵᠢᠭᠤᠯᠬᠤ᠂ ᠡᠷᠡᠭᠦᠯ ᠮᠡᠨᠳᠦ ᠶᠢᠨ ᠲᠥᠪ ᠲᠤ ᠱᠠᠭᠠᠷᠳᠠᠯᠭ᠎ᠠ ᠲᠠᠢ ᠲᠣᠨᠣᠭ ᠲᠥᠬᠥᠭᠡᠷᠦᠮᠵᠢ ᠨᠡᠶᠢᠯᠡᠭᠦᠯᠬᠦ᠂ ᠴᠠᠬᠢᠯᠭᠠᠨ ᠳᠠᠮᠵᠢᠭᠤᠯᠬᠤ ᠱᠤᠭᠤᠮ ᠲᠠᠲᠠᠬᠤ᠂  ᠦᠯ ᠦᠨ ᠴᠠᠭᠠᠨ ᠣᠭᠣᠲᠣᠨ᠎ᠠ ᠤᠰᠠᠳᠬᠠᠬᠤ ᠭᠡᠬᠦ ᠮᠡᠲᠦ ᠠᠷᠭ᠎ᠠ ᠬᠡᠮᠵᠢᠶ᠎ᠡ ᠶᠢ ᠰᠠᠩᠬᠦᠵᠢᠭᠦᠯᠵᠡᠢ᠃

ᠰᠡᠳᠬᠢᠭᠳᠡᠯ ᠦᠯᠡᠳᠡᠭᠡᠬᠦ