ᠴᠣᠶᠢᠵᠣᠩ ᠯᠠᠮᠠ ᠶᠢᠨ ᠰᠦᠮ᠎ᠡ ᠳᠤ ᠦᠳᠡᠰᠢ  ᠵᠣᠴᠢᠯᠠᠬᠤ ᠪᠣᠯᠤᠮᠵᠢ ᠲᠠᠢ | News.MN

ᠴᠣᠶᠢᠵᠣᠩ ᠯᠠᠮᠠ ᠶᠢᠨ ᠰᠦᠮ᠎ᠡ ᠳᠤ ᠦᠳᠡᠰᠢ  ᠵᠣᠴᠢᠯᠠᠬᠤ ᠪᠣᠯᠤᠮᠵᠢ ᠲᠠᠢ

ᠴᠣᠶᠢᠵᠣᠩ ᠯᠠᠮ᠎ᠠ ᠶᠢᠨ ᠰᠦᠮ᠎ᠡ ᠮᠦᠽᠧᠢ ᠨᠢ ᠰᠤᠶᠤᠯ ᠤᠨ ᠪᠦᠲᠦᠭᠡᠯᠴᠢ ᠦᠢᠯᠡᠳᠪᠦᠷᠢᠯᠡᠯ᠂ ᠠᠶᠠᠯᠠᠯ ᠵᠢᠭᠤᠯᠴᠢᠯᠠᠯ ᠢ ᠬᠥᠭᠵᠢᠭᠦᠯᠬᠦ᠂ ᠪᠦᠬᠦ ᠨᠡᠶᠢᠲᠡ ᠶᠢᠨ ᠰᠤᠶᠤᠯ ᠤᠷᠠᠯᠢᠭ ᠤᠨ ᠪᠣᠯᠪᠠᠰᠤᠷᠠᠯ ᠢ ᠳᠡᠭᠡᠭᠰᠢᠯᠡᠭᠦᠯᠬᠦ ᠵᠣᠷᠢᠯᠭ᠎ᠠ ᠪᠠᠷ 2011 ᠣᠨ ᠠᠴᠠ ᠡᠬᠢᠯᠡᠨ 《ᠦᠳᠡᠰᠢ ᠶᠢᠨ ᠮᠦᠽᠧᠢ》 ᠦᠢᠯᠡ ᠠᠵᠢᠯᠯᠠᠭ᠎ᠠ ᠶᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠵᠤ ᠪᠠᠶᠢᠭ᠎ᠠ ᠶᠤᠮ᠃
ᠡᠨᠡ ᠵᠢᠯ 《ᠦᠳᠡᠰᠢ ᠶᠢᠨ ᠮᠦᠽᠧᠢ-2021》 ᠦᠢᠯᠡ ᠠᠵᠢᠯᠯᠠᠭ᠎ᠠ ᠶᠢᠰᠦᠳᠦᠭᠡᠷ ᠰᠠᠷ᠎ᠠ ᠶᠢᠨ 15᠂ 16  ᠤ 18᠄00-22᠄00 ᠴᠠᠭ ᠤᠨ ᠬᠣᠭᠣᠷᠣᠨᠳᠣ ᠪᠣᠯᠤᠨ᠎ᠠ᠃ ᠮᠣᠩᠭᠣᠯ ᠤᠨ ᠲᠡᠦᠬᠡ᠂ ᠰᠤᠶᠤᠯ ᠤᠨ ᠦᠨᠡᠲᠦ ᠥᠪ ᠪᠣᠯᠬᠤ ᠴᠣᠶᠢᠵᠣᠩ ᠯᠠᠮ᠎ᠠ ᠶᠢᠨ ᠰᠦᠮ᠎ᠡ ᠮᠦᠽᠧᠢ ᠶᠢᠨ ᠠᠷᠪᠢᠨ ᠪᠠᠶᠠᠯᠢᠭ ᠰᠠᠩ ᠬᠥᠮᠦᠷᠭᠡ᠂ ᠬᠣᠣᠰ ᠦᠭᠡᠢ ᠦᠨᠡᠲᠦ ᠪᠦᠲᠦᠭᠡᠯ ᠦᠳ ᠪᠣᠯᠤᠨ ᠵᠥᠪᠬᠡᠨ ᠡᠨᠡ ᠬᠦ ᠦᠢᠯᠡ ᠠᠵᠢᠯᠯᠠᠭᠠᠨ ᠳᠤ ᠲᠤᠰᠬᠠᠶᠢᠯᠠᠨ ᠵᠣᠷᠢᠭᠤᠯᠵᠤ ᠳᠡᠯᠭᠡᠭᠰᠡᠨ 《ᠬᠦᠷᠢᠶ᠎ᠡ ᠴᠠᠮ》ᠦᠵᠡᠰᠬᠦᠯᠡᠩ ᠢ ᠦᠵᠡᠬᠦ ᠪᠣᠯᠤᠮᠵᠢ ᠲᠠᠢ ᠪᠠᠶᠢᠨ᠎ᠠ᠃

ᠰᠡᠳᠬᠢᠭᠳᠡᠯ ᠦᠯᠡᠳᠡᠭᠡᠬᠦ