ᠭᠠᠵᠠᠷ ᠤᠨ ᠮᠡᠳᠡᠭᠡᠯᠡᠯ ᠢ ᠢᠯᠡ ᠪᠤᠯᠭᠠᠨ᠎ᠠ | News.MN

ᠭᠠᠵᠠᠷ ᠤᠨ ᠮᠡᠳᠡᠭᠡᠯᠡᠯ ᠢ ᠢᠯᠡ ᠪᠤᠯᠭᠠᠨ᠎ᠠ

ᠠᠪᠯᠢᠭ᠎ᠠ ᠶᠢᠨ ᠢᠨᠳᠧᠺᠰ ᠢ ᠪᠠᠭᠤᠷᠠᠭᠤᠯᠬᠤ ᠵᠣᠷᠢᠯᠭ᠎ᠠ ᠪᠦᠬᠦᠢ ᠠᠵᠢᠯ ᠤᠨ ᠬᠡᠰᠡᠭ ᠦᠨ ᠠᠵᠢᠯ ᠤᠨ ᠶᠠᠪᠤᠴᠠ ᠶᠢᠨ ᠲᠠᠯ᠎ᠠ ᠪᠠᠷ ᠵᠠᠰᠠᠭ ᠤᠨ ᠭᠠᠵᠠᠷ ᠤᠨ ᠬᠤᠷᠠᠯᠳᠤᠭᠠᠨ ᠳᠤ ᠲᠠᠨᠢᠯᠴᠠᠭᠤᠯᠵᠠᠢ᠃ ᠲᠠᠨᠢᠯᠴᠠᠭᠤᠯᠭ᠎ᠠ ᠲᠠᠢ ᠬᠣᠯᠪᠣᠭᠠᠲᠠᠢ ᠪᠠᠷ ᠶᠡᠷᠦᠩᠬᠡᠢ ᠰᠠᠶᠢᠳ ᠯ∙ᠤᠶᠤᠡᠡᠷᠳᠡᠨᠢ ᠡᠭᠦᠷᠭᠡ ᠥᠭᠭᠦᠭᠰᠡᠨ ᠪᠠᠶᠢᠨ᠎ᠠ᠃ ᠲᠣᠳᠣᠷᠠᠭᠤᠯᠪᠠᠯ ᠭᠠᠵᠠᠷ ᠤᠨ ᠠᠯᠪᠠᠨ ᠤ ᠬᠦᠨᠳᠦ ᠰᠤᠷᠲᠠᠯ᠂ ᠠᠪᠯᠢᠭ᠎ᠠ ᠲᠠᠢ ᠬᠣᠯᠪᠣᠭ᠎ᠠ ᠲᠠᠢ ᠠᠰᠠᠭᠤᠳᠠᠯ ᠢᠶᠠᠷ ᠢᠷᠭᠡᠳ ᠡᠴᠡ ᠬᠠᠮᠤᠭ ᠤᠨ ᠣᠯᠠᠨ ᠭᠣᠮᠣᠳᠠᠯ᠂ ᠰᠠᠨᠠᠯ ᠢᠷᠡᠳᠡᠭ᠃ ᠡᠨᠡ ᠠᠰᠠᠭᠤᠳᠠᠯ ᠳᠤ ᠣᠨᠴᠠᠭᠠᠢ ᠠᠩᠬᠠᠷᠴᠤ᠂ ᠭᠠᠵᠠᠷ ᠤᠨ ᠠᠰᠠᠭᠤᠳᠠᠯ ᠢ ᠢᠷᠭᠡᠳ ᠲᠦ ᠨᠡᠭᠡᠭᠡᠯᠲᠡᠲᠡᠢ ᠪᠣᠯᠭᠠᠵᠤ᠂ ᠡᠨᠡ ᠣᠨ ᠤ ᠠᠷᠪᠠᠳᠤᠭᠠᠷ ᠰᠠᠷ᠎ᠠ ᠳᠤ ᠪᠠᠭᠲᠠᠭᠠᠨ ᠴᠠᠬᠢᠮ ᠦᠢᠯᠡᠴᠢᠯᠡᠭᠡᠨ ᠳᠦ ᠰᠢᠯᠵᠢᠭᠦᠯᠬᠦ ᠶᠢ ᠳᠠᠭᠠᠭᠠᠯᠭᠠᠵᠠᠢ᠃ ᠮᠦᠨ ᠭᠠᠳᠠᠭᠠᠳᠤ ᠶᠢᠨ ᠬᠥᠷᠦᠩᠭᠡ ᠣᠷᠣᠭᠤᠯᠤᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠬᠡᠰᠡᠭ ᠢ ᠪᠠᠶᠢᠭᠤᠯᠵᠤ᠂ ᠬᠠᠤᠯᠢ ᠵᠦᠢ ᠳᠣᠲᠣᠭᠠᠳᠤ ᠬᠡᠷᠡᠭ ᠦᠨ ᠰᠠᠶᠢᠳ ᠬ ∙ ᠨᠢᠮᠪᠠᠭᠠᠲᠤᠷ ᠠᠬᠠᠯᠠᠬᠤ ᠰᠢᠢᠳᠪᠦᠷᠢ ᠭᠠᠷᠭᠠᠵᠠᠢ᠃

ᠰᠡᠳᠬᠢᠭᠳᠡᠯ ᠦᠯᠡᠳᠡᠭᠡᠬᠦ