ᠰ ∙ ᠠᠮᠤᠷᠰᠠᠶᠢᠬᠠᠨ ᠤᠯᠠᠭᠠᠨ-ᠦᠳᠡ ᠬᠤᠲᠠ ᠳᠤ ᠠᠵᠢᠯᠯᠠᠪᠠ | News.MN

ᠰ ∙ ᠠᠮᠤᠷᠰᠠᠶᠢᠬᠠᠨ ᠤᠯᠠᠭᠠᠨ-ᠦᠳᠡ ᠬᠤᠲᠠ ᠳᠤ ᠠᠵᠢᠯᠯᠠᠪᠠ

ᠮᠣᠩᠭᠣᠯ ᠤᠯᠤᠰ ᠤᠨ ᠰᠢᠳᠠᠷ ᠰᠠᠶᠢᠳ ᠰ ∙ ᠠᠮᠤᠷᠰᠠᠶᠢᠬᠠᠨ ᠣᠷᠣᠰ ᠤᠨ ᠤᠯᠠᠭᠠᠨ ᠦᠳᠡᠬᠤᠲᠠ ᠳᠤ ᠶᠢᠰᠦᠳᠦᠭᠡᠷ ᠰᠠᠷ᠎ᠠ ᠶᠢᠨ 15  ᠤ ᠡᠳᠦᠷ ᠠᠵᠢᠯᠯᠠᠪᠠ᠃  ᠲᠡᠷᠡ ᠪᠦᠭᠦᠳᠡ ᠨᠠᠶᠢᠷᠠᠮᠳᠠᠬᠤ ᠪᠤᠷᠢᠶᠠᠳ ᠤᠯᠤᠰ ᠤᠨ ᠵᠠᠰᠠᠭ ᠤᠨ ᠭᠠᠵᠠᠷ ᠤᠨ ᠣᠷᠣᠯᠠᠭᠴᠢ ᠳᠠᠷᠤᠭ᠎ᠠ ᠸ ∙ ᠪ ∙  ᠴᠢᠪᠢᠭᠵᠠᠫᠤᠸ᠋ ᠲᠠᠢ ᠠᠭᠤᠯᠵᠠᠵᠤ᠂ ᠮᠣᠩᠭᠣᠯ᠂ ᠣᠷᠣᠰ ᠤᠨ ᠬᠠᠷᠢᠯᠴᠠᠭᠠᠨ ᠤ ᠴᠢᠬᠤᠯᠠ ᠬᠡᠰᠡᠭ ᠪᠣᠯᠬᠤ ᠪᠥᠰᠡ ᠨᠤᠲᠤᠭ᠂ ᠬᠢᠯᠢ ᠣᠷᠴᠢᠮ ᠤᠨ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠬᠦ᠂ ᠡᠭᠦᠨ ᠦ ᠳᠣᠲᠣᠷ᠎ᠠ ᠣᠷᠣᠰ  ᠲᠠᠢ ᠬᠢᠯᠢ ᠵᠠᠯᠭᠠᠭ᠎ᠠ ᠰᠡᠯᠡᠩᠭᠡ ᠠᠶᠢᠮᠠᠭ ᠤᠨ ᠠᠯᠲᠠᠨᠪᠤᠯᠠᠭ ᠰᠤᠮᠤ  ᠳ᠋ᠡᠬᠢ ᠡᠳ᠋  ᠦᠨ ᠵᠠᠰᠠᠭ ᠤᠨ ᠴᠢᠯᠦᠭᠡᠲᠦ ᠪᠥᠰᠡ ᠶᠢᠨ ᠦᠢᠯᠡ ᠠᠵᠢᠯᠯᠠᠭ᠎ᠠ ᠶᠢ ᠡᠷᠴᠢᠮᠵᠢᠭᠦᠯᠬᠦ᠂ ᠬᠢᠯᠢ ᠣᠷᠴᠢᠮ ᠤᠨ ᠬᠤᠳᠠᠯᠳᠤᠭ᠎ᠠ ᠡᠷᠬᠢᠯᠡᠭᠴᠢᠳ ᠦᠨ ᠬᠠᠮᠲᠤ ᠶᠢᠨ ᠠᠵᠢᠯᠯᠠᠭᠠᠨ ᠳᠤ ᠳᠡᠮᠵᠢᠯᠭᠡ ᠦᠵᠡᠭᠦᠯᠬᠦ ᠴᠢᠭᠯᠡᠯ ᠢᠶᠡᠷ ᠶᠠᠷᠢᠯᠴᠠᠵᠤ᠂ ᠰᠠᠨᠠᠯ ᠰᠣᠯᠢᠯᠴᠠᠯ᠎ᠠ᠃
ᠡᠨᠡ ᠵᠢᠯ ᠮᠣᠩᠭᠣᠯ ᠣᠷᠣᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠶᠢ ᠲᠡᠮᠳᠡᠭᠯᠡᠬᠦ ᠬᠦᠷᠢᠶᠡᠨ ᠳᠦ ᠪᠤᠷᠢᠶᠠᠳ ᠤᠯᠤᠰ ᠲᠠᠢ ᠬᠠᠮᠲᠤᠷᠠᠨ ᠰᠤᠶᠤᠯ᠂ ᠰᠢᠨᠵᠢᠯᠡᠬᠦ ᠤᠬᠠᠭᠠᠨ ᠤ ᠬᠡᠳᠦ ᠬᠡᠳᠦᠨ ᠠᠷᠭ᠎ᠠ ᠬᠡᠮᠵᠢᠶ᠎ᠡ ᠵᠣᠬᠢᠶᠠᠨ ᠪᠠᠶᠢᠭᠤᠯᠵᠤ ᠪᠠᠶᠢᠭ᠎ᠠ ᠲᠠᠯ᠎ᠠ ᠪᠠᠷ ᠴᠢᠪᠢᠭᠵᠠᠫᠤᠸ᠋  ᠳᠠᠷᠤᠭ᠎ᠠ ᠳᠤᠷᠠᠳᠪᠠ᠃

ᠰᠡᠳᠬᠢᠭᠳᠡᠯ ᠦᠯᠡᠳᠡᠭᠡᠬᠦ