10 ᠭᠠ ᠭᠠᠵᠠᠷ ᠲᠤ ᠮᠢᠬᠠᠨ ᠤ ᠦᠢᠯᠡᠳᠪᠦᠷᠢ ᠪᠠᠷᠢᠨ᠎ᠠ | News.MN

10 ᠭᠠ ᠭᠠᠵᠠᠷ ᠲᠤ ᠮᠢᠬᠠᠨ ᠤ ᠦᠢᠯᠡᠳᠪᠦᠷᠢ ᠪᠠᠷᠢᠨ᠎ᠠ

ᠣᠯᠠᠨ ᠤᠯᠤᠰ ᠤᠨ ᠡᠺᠰᠫᠣᠷᠲ ᠤᠨ ᠰᠲ᠋ᠠᠨᠳᠠᠷᠲ ᠲᠤ ᠨᠡᠶᠢᠴᠡᠭᠰᠡᠨ᠂ ᠲᠤᠰᠠᠭᠠᠷᠯᠠᠬᠤ ᠠᠵᠤ ᠠᠬᠤᠢ ᠪᠦᠬᠦᠢ ᠳᠡᠯᠡᠬᠡᠢ ᠶᠢᠨ ᠵᠢᠱᠢᠭ ᠮᠢᠬᠠᠨ ᠤ ᠦᠢᠯᠡᠳᠪᠦᠷᠢ ᠳᠦᠷᠪᠡᠨ ᠠᠶᠢᠮᠠᠭ ᠲᠤ ᠪᠠᠷᠢᠬᠤ  ᠪᠠ ᠲᠥᠪ ᠦᠨ ᠪᠥᠰᠡ ᠶᠢᠨ ᠦᠢᠯᠡᠳᠪᠦᠷᠢ ᠶᠢ ᠠᠷᠤᠬᠠᠩᠭᠠᠢ ᠠᠶᠢᠮᠠᠭ ᠲᠤ ᠪᠠᠷᠢᠬᠤ ᠪᠠᠷ ᠲᠥᠯᠥᠪᠯᠡᠭᠰᠡᠨ᠃ ᠥᠩᠭᠡᠷᠡᠭᠰᠡᠨ ᠬᠣᠶᠠᠷ ᠵᠢᠯ ᠭᠠᠷᠤᠢ ᠬᠤᠭᠤᠴᠠᠭᠠᠨ ᠳᠤ ᠲᠤᠰ ᠦᠢᠯᠡᠳᠪᠦᠷᠢ ᠶᠢᠨ ᠲᠧᠭᠨᠢᠭ ᠡᠳ᠋ ᠦᠨ ᠵᠠᠰᠠᠭ ᠤᠨ ᠦᠨᠳᠦᠰᠦᠯᠡᠯ᠂ ᠵᠢᠷᠤᠭ ᠲᠥᠰᠥᠪ ᠢ ᠮᠡᠷᠭᠡᠵᠢᠯ ᠦᠨ ᠪᠠᠶᠢᠭᠤᠯᠤᠯᠭ᠎ᠠ ᠪᠠᠷ ᠪᠣᠯᠪᠠᠰᠤᠷᠠᠭᠤᠯᠵᠤ ᠳᠠᠭᠤᠰᠬᠠᠭᠰᠠᠨ ᠪᠠ ᠣᠳᠣ ᠱᠠᠭᠠᠷᠳᠠᠯᠭ᠎ᠠ ᠲᠠᠢ ᠰᠠᠩᠬᠦᠦᠵᠢᠯᠲᠡ ᠶᠢ ᠵᠠᠰᠠᠭ ᠤᠨ ᠭᠠᠵᠠᠷ ᠬᠣᠭᠣᠷᠣᠨᠳᠣ ᠶᠢᠨ ᠬᠥᠩᠭᠡᠯᠡᠯᠲᠡ ᠲᠡᠢ ᠵᠢᠭᠡᠯᠡ ᠪᠡᠷ ᠰᠢᠢᠳᠪᠦᠷᠢᠯᠡᠬᠦ ᠪᠡᠷ ᠪᠣᠯᠤᠭᠰᠠᠨ᠃
ᠡᠳᠦᠷ ᠲᠦ ᠪᠡᠨ 1000 ᠪᠣᠭ᠂ 200 ᠪᠣᠳᠠ ᠪᠡᠯᠡᠳᠬᠡᠬᠦ ᠬᠦᠴᠦᠨ ᠴᠢᠳᠠᠯ ᠲᠠᠢ᠂ ᠡᠷᠡᠭᠦᠯ ᠠᠬᠤᠢ ᠶᠢᠨ ᠬᠢᠨᠠᠯᠲᠠ ᠶᠢᠨ ᠴᠡᠭ᠂ ᠬᠣᠷᠢᠭ᠎ᠠ ᠴᠡᠭᠡᠷ ᠦᠨ ᠪᠥᠰᠡ ᠪᠦᠬᠦᠢ ᠴᠣᠭᠴᠠᠯᠠᠪᠤᠷᠢ ᠪᠠᠶᠢᠭᠤᠯᠤᠮᠵᠢ ᠶᠢ ᠠᠷᠤᠬᠠᠩᠭᠠᠢ ᠠᠶᠢᠮᠠᠭ ᠲᠤ 10 ᠭᠠ ᠭᠠᠵᠠᠷ ᠲᠤ ᠪᠠᠷᠢᠨ᠎ᠠ᠃ ᠪᠠᠷᠢᠯᠭ᠎ᠠ᠂ ᠪᠦᠲᠦᠭᠡᠨ ᠪᠠᠶᠢᠭᠤᠯᠤᠯᠲᠠ ᠶᠢᠨ ᠠᠵᠢᠯ 2022 ᠣᠨ ᠤ ᠬᠠᠪᠤᠷ ᠠᠴᠠ ᠡᠬᠢᠯᠡᠨ ᠨᠢᠭᠡ ᠵᠢᠯ ᠦᠨ ᠬᠤᠭᠤᠴᠠᠭᠠᠨ ᠳᠤ ᠪᠠᠷᠢᠭᠳᠠᠵᠤ ᠳᠠᠭᠤᠰᠬᠤ ᠲᠥᠯᠥᠪᠯᠡᠭᠡ ᠲᠡᠢ  ᠠᠵᠠᠢ᠃

ᠰᠡᠳᠬᠢᠭᠳᠡᠯ ᠦᠯᠡᠳᠡᠭᠡᠬᠦ