ᠡᠷᠳᠡᠨᠢ ᠰᠤᠮᠤᠨ ᠳᠤ ᠡᠷᠡᠭᠦᠯ ᠮᠡᠨᠳᠦ ᠶᠢᠨ ᠲᠥᠪ ᠦᠨ ᠪᠠᠷᠢᠯᠭ᠎ᠠ ᠶᠢᠨ ᠠᠵᠢᠯ ᠢ ᠡᠬᠢᠯᠡᠭᠦᠯᠦᠯ᠎ᠡ | News.MN

ᠡᠷᠳᠡᠨᠢ ᠰᠤᠮᠤᠨ ᠳᠤ ᠡᠷᠡᠭᠦᠯ ᠮᠡᠨᠳᠦ ᠶᠢᠨ ᠲᠥᠪ ᠦᠨ ᠪᠠᠷᠢᠯᠭ᠎ᠠ ᠶᠢᠨ ᠠᠵᠢᠯ ᠢ ᠡᠬᠢᠯᠡᠭᠦᠯᠦᠯ᠎ᠡ

ᠲᠥᠪ ᠠᠶᠢᠮᠠᠭ ᠤᠨ ᠡᠷᠳᠡᠨᠢ ᠰᠤᠮᠤ ᠶᠢᠨ 4000 ᠢᠷᠭᠡᠨ ᠦ ᠡᠷᠡᠭᠦᠯ ᠮᠡᠨᠳᠦ ᠶᠢ ᠬᠠᠮᠠᠭᠠᠯᠠᠬᠤ᠂ ᠡᠨᠡ ᠴᠢᠭᠯᠡᠯ ᠦᠨ ᠲᠥᠷᠥ ᠶᠢᠨ ᠦᠢᠯᠡᠴᠢᠯᠡᠭᠡ ᠶᠢ ᠴᠢᠨᠠᠷᠲᠠᠢ ᠬᠦᠷᠭᠡᠬᠦ ᠵᠣᠷᠢᠯᠭ᠎ᠠ ᠪᠠᠷ ᠤᠯᠤᠰ ᠤᠨ ᠲᠥᠰᠥᠪ ᠦᠨ 1.7 ᠲᠡᠷᠪᠤᠮ ᠲᠥᠭᠥᠷᠢᠭ ᠦᠨ ᠬᠥᠷᠥᠩᠭᠡ ᠣᠷᠣᠭᠤᠯᠤᠯᠲᠠ ᠪᠠᠷ ᠪᠠᠷᠢᠬᠤ 15 ᠣᠷᠣ ᠲᠠᠢ ᠡᠷᠡᠭᠦᠯ ᠮᠡᠨᠳᠦ ᠶᠢᠨ ᠲᠥᠪ ᠦᠨ ᠪᠠᠷᠢᠯᠭ᠎ᠠ ᠶᠢᠨ ᠠᠵᠢᠯ ᠢ ᠥᠨᠥᠳᠥᠷ ᠡᠬᠢᠯᠡᠭᠦᠯᠦᠯ᠎ᠡ᠃

ᠰᠢᠨ᠎ᠡ ᠪᠡᠷ ᠪᠠᠷᠢᠬᠤ ᠡᠷᠡᠭᠦᠯ ᠮᠡᠨᠳᠦ ᠶᠢᠨ ᠲᠥᠪ ᠨᠢ ᠰᠢᠳᠦᠨ ᠦ ᠲᠠᠰᠤᠭ ᠲᠠᠢ ᠪᠠᠶᠢᠬᠤ ᠪᠥᠭᠡᠳ ᠲᠡᠭᠦᠨ ᠳᠦ ᠱᠠᠭᠠᠷᠳᠠᠯᠭ᠎ᠠ ᠲᠠᠢ ᠲᠣᠨᠣᠭ ᠲᠥᠬᠥᠭᠡᠷᠦᠮᠵᠢ ᠶᠢ ᠣᠷᠣᠨ ᠨᠤᠲᠤᠭ ᠤᠨ ᠬᠥᠷᠥᠩᠭᠡ ᠣᠷᠣᠭᠤᠯᠤᠯᠲᠠ ᠪᠠᠷ ᠰᠢᠢᠳᠴᠦ᠂ ᠶᠣᠰᠣᠯᠠᠯ ᠤᠨ ᠦᠶ᠎ᠡ ᠪᠡᠷ ᠡᠷᠳᠡᠨᠢ ᠰᠤᠮᠤ ᠶᠢᠨ ᠡᠷᠡᠭᠦᠯ ᠮᠡᠨᠳᠦ ᠶᠢᠨ ᠲᠥᠪ ᠦᠨ ᠠᠯᠪᠠ ᠬᠠᠭᠠᠭᠴᠢᠳ ᠲᠤ ᠭᠠᠷᠳᠠᠭᠤᠯᠤᠨ ᠥᠭᠭᠦᠯ᠎ᠡ᠃

ᠰᠡᠳᠬᠢᠭᠳᠡᠯ ᠦᠯᠡᠳᠡᠭᠡᠬᠦ