ᠤ᠊∙ᠬᠦᠷᠡᠯᠰᠦ᠋ᠬᠡ SCO  ᠤᠨ ᠠᠭᠤᠯᠵᠠᠯᠲᠠ ᠳᠤ ᠴᠠᠬᠢᠮ ᠢᠶᠠᠷ ᠣᠷᠣᠯᠴᠠᠯ᠎ᠠ | News.MN

ᠤ᠊∙ᠬᠦᠷᠡᠯᠰᠦ᠋ᠬᠡ SCO  ᠤᠨ ᠠᠭᠤᠯᠵᠠᠯᠲᠠ ᠳᠤ ᠴᠠᠬᠢᠮ ᠢᠶᠠᠷ ᠣᠷᠣᠯᠴᠠᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ᠬᠦᠷᠡᠯᠰᠦ᠋ᠬᠡ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠳᠡᠭᠡᠳᠦ ᠲᠦᠪᠰᠢᠨ ᠦ ᠠᠭᠤᠯᠵᠠᠯᠲᠠ ᠳᠤ ᠴᠠᠬᠢᠮ ᠢᠶᠠᠷ ᠣᠷᠣᠯᠴᠠᠯ᠎ᠠ᠃ ᠲᠠᠵᠢᠺᠰᠲ᠋ᠠᠨ ᠤᠯᠤᠰ ᠤᠨ ᠨᠡᠶᠢᠰᠯᠡᠯ ᠳ᠋ᠤᠱᠠᠩᠪᠸ ᠬᠣᠲᠠ  ᠳᠤ ᠵᠤᠬᠢᠶᠠᠨ ᠪᠠᠢᠭᠤᠯᠤᠭᠳᠠᠭᠰᠠᠨ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠲᠥᠷᠥ ᠶᠢᠨ ᠲᠡᠷᠢᠭᠦᠨ ᠨᠠᠷ ᠤᠨ ᠵᠥᠪᠯᠡᠯ ᠦᠨ ᠥᠷᠭᠡᠳᠬᠡᠭᠰᠡᠨ ᠬᠤᠷᠠᠯᠳᠤᠭᠠᠨ ᠳᠤ ᠲᠤᠰ ᠪᠠᠶᠢᠭᠤᠯᠤᠯᠭ᠎ᠠ ᠶᠢᠨ ᠭᠡᠰᠢᠭᠦᠨ ᠡᠨᠡᠳᠬᠡᠭ᠂ ᠬᠠᠰᠠᠭᠰᠲ᠋ᠠᠨ᠂ ᠬᠢᠲᠠᠳ ᠂ ᠺᠢᠷᠭᠢᠽ᠂  ᠫᠠᠺᠢᠰᠲ᠋ᠠᠨ᠂ ᠣᠷᠣᠰ ᠂ ᠲᠠᠵᠢᠺᠰᠲ᠋ᠠᠨ ᠂  ᠦᠰᠪᠸᠺᠰᠲ᠋ᠠᠨ᠂ ᠠᠵᠢᠭᠯᠠᠭᠴᠢ ᠪᠸ᠋ᠯᠠᠷᠦᠰ᠂ ᠢᠷᠡᠨ᠂ ᠮᠣᠩᠭᠣᠯ ᠤᠯᠤᠰ ᠤᠨ ᠲᠥᠯᠥᠭᠡᠯᠡᠭᠴᠢᠳ ᠤᠷᠤᠯᠴᠠᠪᠠ᠃
ᠶᠡᠷᠦᠩᠬᠡᠶᠢᠯᠡᠭᠴᠢ ᠤ᠊∙ᠬᠦᠷᠡᠯᠰᠦ᠋ᠬᠡ ᠴᠠᠬᠢᠮ ᠢᠶᠠᠷ ᠬᠡᠯᠡᠭᠰᠡᠨ ᠦᠭᠡᠨ ᠳᠦ ᠪᠡᠨ᠄ ᠮᠣᠩᠭᠣᠯ ᠤᠯᠤᠰ ᠡᠳ᠋  ᠦᠨ ᠵᠠᠰᠠᠭ᠂ ᠬᠤᠳᠠᠯᠳᠤᠭ᠎ᠠ᠂ ᠬᠥᠷᠥᠩᠭᠡ ᠣᠷᠣᠭᠤᠯᠤᠯᠲᠠ᠂ ᠬᠦᠮᠦᠯᠢᠭ ᠦᠨ ᠬᠠᠮᠲᠤ ᠶᠢᠨ ᠠᠵᠢᠯᠯᠠᠭ᠎ᠠ᠂ ᠴᠥᠯᠵᠢᠯᠲᠡ ᠲᠡᠢ ᠲᠡᠮᠡᠴᠡᠬᠦ᠂ ᠡᠯᠡᠰᠦᠨ ᠦ ᠨᠡᠭᠦᠳᠡᠯ ᠡᠴᠡ ᠬᠠᠮᠠᠭᠠᠯᠠᠬᠤ᠂ ᠰᠢᠷ᠎ᠠ ᠰᠢᠷᠤᠢ ᠶᠢᠨ ᠰᠢᠭᠤᠷᠭᠠᠨ ᠤ ᠨᠥᠯᠥᠭᠡ ᠶᠢ ᠪᠠᠭᠤᠷᠠᠭᠤᠯᠬᠤ ᠴᠢᠭᠯᠡᠯ ᠢᠶᠡᠷ ᠪᠥᠰᠡ ᠨᠤᠲᠤᠭ ᠤᠨ ᠬᠡᠮᠵᠢᠶᠡᠨ ᠳᠦ ᠨᠢᠭᠲᠠ ᠬᠠᠮᠲᠤᠷᠠᠨ ᠠᠵᠢᠯᠯᠠᠵᠤ᠂ ᠬᠤᠯᠪᠤᠭᠳᠠᠬᠤ ᠠᠭᠤᠯᠵᠠᠯᠲᠠ᠂ ᠠᠷᠭ᠎ᠠ ᠬᠡᠮᠵᠢᠶ᠎ᠡ ᠶᠢ ᠥᠪᠡᠷ ᠦᠨ ᠣᠷᠣᠨ ᠳᠤ ᠪᠠᠨ ᠬᠦᠯᠢᠶᠡᠨ ᠠᠪᠴᠤ ᠵᠣᠬᠢᠶᠠᠨ ᠪᠠᠶᠢᠭᠤᠯᠬᠤ ᠳᠤ ᠪᠡᠯᠡᠨ ᠪᠠᠶᠢᠭ᠎ᠠ ᠶᠢ ᠮᠡᠳᠡᠭᠳᠡᠪᠡ᠃

ᠰᠡᠳᠬᠢᠭᠳᠡᠯ ᠦᠯᠡᠳᠡᠭᠡᠬᠦ