ᠠᠮᠧᠷᠢᠺᠠ ᠶᠢᠨ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠣᠷᠣᠯᠠᠭᠴᠢ  ᠲᠡᠢ ᠠᠭᠤᠯᠵᠠᠯ᠎ᠠ | News.MN

ᠠᠮᠧᠷᠢᠺᠠ ᠶᠢᠨ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠣᠷᠣᠯᠠᠭᠴᠢ  ᠲᠡᠢ ᠠᠭᠤᠯᠵᠠᠯ᠎ᠠ

ᠠᠮᠧᠷᠢᠺᠠ ᠳᠦ ᠠᠵᠢᠯ ᠤᠨ ᠠᠶᠢᠯᠴᠢᠯᠠᠯ ᠬᠢᠵᠦ ᠪᠤᠢ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ᠽᠠᠨᠳᠠᠨᠰᠢᠲᠠᠷ᠎ᠠ ᠲᠡᠷᠢᠭᠦᠲᠡᠢ ᠫᠠᠷᠯᠠᠮᠧᠨᠲ ᠤᠨ ᠲᠥᠯᠥᠭᠡᠯᠡᠭᠴᠢᠳ ᠸᠠᠰᠢᠩᠲ᠋ᠣᠨ ᠬᠤᠲᠠ ᠳᠤ ᠠᠮᠧᠷᠢᠺᠠ ᠶᠢᠨ ᠺᠣᠩᠷᠧᠰᠰ ᠤᠨ ᠣᠯᠠᠨ ᠤᠯᠤᠰ ᠤᠨ ᠪᠠᠶᠢᠭᠠᠯᠢ ᠬᠠᠮᠠᠭᠠᠯᠠᠬᠤ ᠪᠦᠯᠦᠭ ᠦᠨ ᠭᠡᠰᠢᠭᠦᠳ ᠲᠡᠢ ᠠᠭᠤᠯᠵᠠᠯᠲᠠ ᠬᠢᠯ᠎ᠡ᠃ ᠭ∙ᠽᠠᠨᠳᠠᠨᠰᠢᠲᠠᠷ᠎ᠠ᠄ ᠪᠡᠯᠴᠢᠭᠡᠷ ᠦᠨ ᠮᠠᠯ ᠠᠵᠤ ᠠᠬᠤᠢ ᠲᠠᠢ᠂ ᠪᠠᠢᠭᠠᠯᠢ ᠶᠢᠨ ᠪᠠᠶᠠᠯᠢᠭ ᠤᠨ ᠠᠷᠪᠢᠨ ᠨᠥᠭᠡᠴᠡ ᠲᠡᠢ ᠮᠣᠩᠭᠣᠯ ᠤᠯᠤᠰ ᠤᠨ ᠬᠤᠪᠢ ᠳᠤ ᠪᠠᠶᠢᠭᠠᠯᠢ ᠬᠠᠮᠠᠭᠠᠯᠠᠬᠤ ᠨᠢ ᠨᠡᠩ ᠴᠢᠬᠤᠯᠠ ᠠᠰᠠᠭᠤᠳᠠᠯ ᠶᠤᠮ᠃ ᠮᠣᠩᠭᠣᠯ ᠤᠯᠤᠰ ᠲᠤ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠬᠣᠯᠪᠣᠭᠳᠠᠭᠤᠯᠤᠨ ᠨᠣᠭᠣᠭᠠᠨ ᠡᠳ᠋ ᠦᠨ ᠵᠠᠰᠠᠭ ᠤᠨ ᠪᠦᠲᠦᠴᠡ ᠶᠢ ᠪᠤᠢ ᠪᠣᠯᠭᠠᠬᠤ᠂ ᠪᠠᠢᠭᠠᠯᠢ ᠶᠢᠨ ᠨᠥᠭᠡᠴᠡ ᠶᠢ ᠦᠷ᠎ᠡ ᠠᠰᠢᠭ ᠲᠠᠢ ᠠᠰᠢᠭᠯᠠᠬᠤ᠂ ᠪᠠᠶᠢᠭᠠᠯᠢ ᠣᠷᠴᠢᠨ ᠤ ᠪᠤᠬᠢᠷᠳᠤᠯ᠂ ᠳᠣᠷᠣᠶᠢᠲᠠᠯ ᠠᠴᠠ ᠤᠷᠢᠳᠴᠢᠯᠠᠨ ᠰᠡᠷᠭᠡᠶᠢᠯᠡᠬᠦ ᠴᠢᠭᠯᠡᠯ ᠢᠶᠡᠷ ᠪᠣᠳᠣᠯᠭ᠎ᠠ ᠵᠣᠷᠢᠯᠲᠠ ᠳᠡᠪᠰᠢᠭᠦᠯᠦᠨ ᠬᠡᠷᠡᠭᠵᠢᠭᠦᠯᠵᠦ ᠪᠠᠶᠢᠨ᠎ᠠ᠃
ᠤᠯᠤᠰ ᠤᠨ ᠶᠡᠬᠡ ᠬᠤᠷᠠᠯ ᠨᠣᠭᠣᠭᠠᠨ ᠬᠥᠭᠵᠢᠯ ᠦᠨ ᠪᠣᠳᠣᠯᠭ᠎ᠠ ᠶᠢᠨ ᠪᠠᠷᠢᠮᠲᠠ ᠪᠢᠴᠢᠭ ᠦᠳ ᠢ 2014 ᠣᠨ ᠳᠤ ᠪᠠᠲᠤᠯᠠᠭᠰᠠᠨ᠃ ᠫᠠᠷᠯᠠᠮᠧᠨᠲ ᠲᠤ ᠪᠠᠶᠢᠭᠠᠯᠢ ᠣᠷᠴᠢᠨ ᠢ ᠬᠠᠮᠠᠭᠠᠯᠠᠬᠤ ᠪᠦᠯᠦᠭ ᠪᠠᠶᠢᠭᠤᠯᠤᠭᠰᠠᠨ᠃ ᠨᠣᠭᠣᠭᠠᠨ ᠬᠥᠭᠵᠢᠯ ᠢ ᠳᠡᠮᠵᠢᠬᠦ ᠬᠠᠤᠯᠢ ᠡᠷᠬᠡ ᠵᠦᠢ ᠶᠢᠨ ᠣᠷᠴᠢᠨ ᠢ ᠤᠯᠠᠮ ᠪᠣᠯᠪᠠᠰᠤᠷᠠᠩᠭᠤᠢ ᠪᠣᠯᠭᠠᠬᠤ᠂ ᠳᠠᠭᠠᠵᠤ ᠮᠥᠷᠳᠡᠵᠦ ᠪᠤᠢ ᠪᠠᠶᠢᠳᠠᠯ ᠳᠤ ᠬᠢᠨᠠᠯᠲᠠ ᠲᠠᠯᠪᠢᠬᠤ᠂ ᠬᠡᠷᠡᠭᠵᠢᠯᠲᠡ ᠶᠢ ᠬᠠᠩᠭᠠᠬᠤ ᠵᠣᠷᠢᠯᠭ᠎ᠠ ᠲᠠᠢ ᠲᠤᠰ ᠪᠦᠯᠦᠭ ᠨᠢ ᠮᠣᠩᠭᠣᠯ ᠤᠯᠤᠰ ᠤᠨ ᠲᠣᠭᠲᠠᠪᠤᠷᠢᠲᠠᠢ ᠬᠥᠭᠵᠢᠯ ᠦᠨ ᠪᠣᠳᠣᠯᠭ᠎ᠠ ᠶᠢᠨ ᠬᠡᠷᠡᠭᠵᠢᠯᠲᠡ ᠳᠦ ᠬᠢᠨᠠᠯᠲᠠ ᠲᠠᠯᠪᠢᠬᠤ ᠪᠣᠯᠤᠨ᠎ᠠ ᠭᠡᠯ᠎ᠡ᠃

ᠳᠠᠷᠠᠭ᠎ᠠ ᠨᠢ ᠲᠡᠷᠡ ᠴᠠᠭᠠᠨ ᠣᠷᠳᠣᠨ ᠤ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠡᠨᠡᠳᠬᠡᠭ ᠨᠣᠮᠣᠬᠠᠨ ᠳᠠᠯᠠᠢ ᠶᠢᠨ ᠠᠰᠠᠭᠤᠳᠠᠯ ᠬᠠᠷᠢᠭᠤᠴᠠᠭᠰᠠᠨ ᠣᠷᠣᠯᠠᠭᠴᠢ ᠺᠡᠮᠫᠪᠸᠯᠯ ᠲᠡᠢ ᠠᠭᠤᠯᠵᠠᠯ᠎ᠠ᠃ ᠠᠭᠤᠯᠵᠠᠯᠲᠠ ᠶᠢᠨ ᠦᠶ᠎ᠡ ᠪᠡᠷ ᠠᠷᠠᠳᠴᠢᠯᠠᠯ ᠢ ᠲᠤᠤᠱᠲᠠᠢ ᠡᠷᠬᠢᠮᠯᠡᠵᠦ᠂ ᠬᠥᠭᠵᠢᠭᠦᠯᠵᠦ ᠪᠠᠶᠢᠭ᠎ᠠ ᠮᠣᠩᠭᠣᠯ ᠤᠯᠤᠰ ᠲᠠᠢ ᠬᠢᠬᠦ ᠴᠢᠯᠦᠭᠡᠲᠦ ᠬᠤᠳᠠᠯᠳᠤᠭ᠎ᠠ᠂ ᠨᠣᠣᠰᠣ ᠨᠤᠯᠤᠤᠷ ᠤᠨ ᠪᠦᠲᠦᠭᠡᠭᠳᠡᠬᠦᠨ ᠦ ᠡᠺᠰᠫᠣᠷᠲ ᠤᠨ ᠲᠠᠯᠠᠭᠠᠷᠬᠢ ᠨᠢᠭᠡᠨᠲᠡ ᠬᠡᠯᠡᠯᠴᠡᠨ ᠲᠣᠬᠢᠷᠠᠭᠰᠠᠨ ᠠᠰᠠᠭᠤᠳᠠᠯ ᠢ ᠢᠳᠡᠪᠬᠢᠵᠢᠭᠦᠯᠵᠦ᠂ ᠪᠣᠳᠠᠲᠤ ᠠᠵᠢᠯ ᠬᠡᠷᠡᠭ ᠪᠣᠯᠭᠠᠬᠤ ᠳᠤ ᠬᠣᠶᠠᠷ ᠲᠠᠯ᠎ᠠ ᠠᠴᠠ ᠬᠦᠴᠦᠨ ᠴᠢᠷᠮᠠᠶᠢᠯᠲᠠ ᠲᠠᠯᠪᠢᠵᠤ ᠠᠵᠢᠯᠯᠠᠬᠤ ᠱᠠᠭᠠᠷᠳᠠᠯᠭ᠎ᠠ ᠲᠠᠢ ᠪᠠᠶᠢᠭ᠎ᠠ ᠲᠠᠯ᠎ᠠ ᠪᠠᠷ ᠬᠥᠨᠳᠡᠵᠦ ᠶᠠᠷᠢᠯᠴᠠᠯ᠎ᠠ᠃

ᠰᠡᠳᠬᠢᠭᠳᠡᠯ ᠦᠯᠡᠳᠡᠭᠡᠬᠦ