ᠤ᠊∙ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ  ᠲᠠᠢ ᠠᠭᠤᠯᠵᠠᠪᠠ | News.MN

ᠤ᠊∙ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ  ᠲᠠᠢ ᠠᠭᠤᠯᠵᠠᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ᠬᠦᠷᠡᠯᠰᠦ᠋ᠬᠡ 2021 ᠣᠨ ᠤ ᠶᠢᠰᠦᠳᠦᠭᠡᠷ ᠰᠠᠷ᠎ᠠ ᠶᠢᠨ 20  ᠤ ᠡᠳᠦᠷ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠠᠨᠲ᠋ᠤᠨᠢᠤ᠋ ᠭᠤᠲᠸᠷᠷᠸᠱ ᠲᠡᠢ ᠠᠭᠤᠯᠵᠠᠪᠠ᠃ ᠮᠣᠩᠭᠣᠯ ᠤᠯᠤᠰ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠳᠦ ᠭᠡᠰᠢᠭᠦᠨ ᠢᠶᠡᠷ ᠡᠯᠰᠡᠭᠰᠡᠨ ᠦ ᠲᠡᠦᠬᠡᠲᠦ 60 ᠵᠢᠯ ᠦᠨ ᠣᠢ ᠪᠠᠷ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 76 ᠳ᠋ᠤᠭᠠᠷ ᠴᠢᠭᠤᠯᠭᠠᠨ ᠳᠤ ᠣᠷᠣᠯᠴᠠᠵᠤ ᠪᠠᠶᠢᠭ᠎ᠠ ᠳᠤ ᠪᠠᠨ ᠪᠠᠶᠠᠷ ᠲᠠᠢ ᠪᠠᠶᠢᠭ᠎ᠠ ᠪᠠᠨ ᠤ᠊  ᠬᠦᠷᠡᠯᠰᠦ᠋ᠬᠡ ᠬᠡᠯᠡᠪᠡ᠃ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ᠂ ᠲᠡᠭᠦᠨ ᠦ ᠰᠢᠰᠲ᠋ᠧᠮ ᠦᠨ ᠪᠠᠶᠢᠭᠤᠯᠤᠯᠭ᠎ᠠ ᠨᠤᠭᠤᠳ ᠮᠣᠩᠭᠣᠯ ᠤᠯᠤᠰ ᠤᠨ ᠬᠥᠭᠵᠢᠯ ᠳᠦ ᠦᠨᠡᠲᠡᠢ ᠬᠤᠪᠢ ᠨᠡᠮᠡᠷᠢ ᠣᠷᠣᠭᠤᠯᠳᠠᠭ ᠴᠢᠬᠤᠯᠠ ᠲᠦᠩᠰᠢ ᠭᠡᠳᠡᠭ ᠢ ᠣᠨᠴᠠᠯᠠᠨ ᠲᠡᠮᠳᠡᠭᠯᠡᠪᠡ᠃ ᠮᠣᠩᠭᠣᠯ ᠤᠯᠤᠰ ᠤᠨ ᠵᠠᠰᠠᠭ ᠤᠨ ᠭᠠᠵᠠᠷ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠳᠡᠮᠵᠢᠯᠭᠡ᠂ ᠬᠠᠮᠲᠤ ᠶᠢᠨ ᠠᠵᠢᠯᠯᠠᠭ᠎ᠠ ᠶᠢ ᠥᠨᠳᠥᠷ ᠢᠶᠡᠷ ᠦᠨᠡᠯᠡᠳᠡᠭ ᠪᠥᠭᠡᠳ ᠢᠯᠠᠩᠭᠤᠶ᠎ᠠ ᠴᠠᠷ᠎ᠠ ᠲᠠᠬᠤᠯ ᠠᠴᠠ ᠤᠷᠢᠳᠴᠢᠯᠠᠨ ᠰᠡᠷᠭᠡᠶᠢᠯᠡᠬᠦ᠂ ᠲᠡᠮᠡᠴᠡᠬᠦ ᠴᠢᠭᠯᠡᠯ ᠢᠶᠡᠷ ᠬᠢᠵᠦ ᠬᠡᠷᠡᠭᠵᠢᠭᠦᠯᠵᠦ ᠪᠠᠶᠢᠭ᠎ᠠ ᠪᠣᠳᠣᠯᠭ᠎ᠠ᠂ ᠦᠢᠯᠡ ᠠᠵᠢᠯᠯᠠᠭ᠎ᠠ ᠶᠢ ᠲᠤᠤᠱᠲᠠᠢ ᠳᠡᠮᠵᠢᠵᠦ᠂ ᠬᠠᠮᠲᠤᠷᠠᠨ ᠠᠵᠢᠯᠯᠠᠵᠤ ᠪᠠᠶᠢᠭ᠎ᠠ ᠳᠤ ᠲᠠᠯᠠᠷᠬᠠᠯ ᠢᠯᠡᠷᠬᠡᠶᠢᠯᠡᠪᠡ᠃
ᠮᠣᠩᠭᠣᠯ ᠤᠯᠤᠰ ᠬᠦᠯᠡᠮᠵᠢ ᠶᠢᠨ ᠬᠡᠢ ᠶᠢᠨ ᠢᠯᠭᠠᠷᠠᠯ ᠢ ᠪᠠᠭᠤᠷᠠᠭᠤᠯᠬᠤ ᠳᠤ ᠤᠷᠤᠭᠤᠯᠬᠤ ᠦᠨᠳᠦᠰᠦᠨ ᠦ ᠬᠤᠪᠢ ᠨᠡᠮᠡᠷᠢ ᠪᠡᠨ 27.2 ᠬᠤᠪᠢ ᠪᠣᠯᠭᠠᠨ ᠨᠡᠮᠡᠭᠳᠡᠭᠦᠯᠬᠦ ᠪᠡᠷ ᠰᠢᠢᠳᠪᠦᠷᠢᠯᠡᠭᠰᠡᠨ᠃ ᠴᠢᠨᠠᠭᠰᠢᠳᠠ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠳᠦ ᠬᠥᠭᠵᠢᠩᠭᠦᠢ ᠣᠷᠣᠨ ᠨᠤᠭᠤᠳ 100 ᠲᠡᠷᠪᠤᠮ ᠳ᠋ᠣᠯᠯᠠᠷ ᠵᠠᠷᠤᠴᠠᠭᠤᠯᠬᠤ ᠠᠮᠠᠯᠠᠯᠲᠠ ᠪᠠᠨ ᠣᠶᠢᠷ᠎ᠠ ᠶᠢᠨ ᠬᠤᠭᠤᠴᠠᠭᠠᠨ ᠳᠤ ᠪᠡᠶᠡᠯᠡᠭᠦᠯᠦᠨ᠎ᠡ ᠭᠡᠳᠡᠭ ᠲᠦ ᠨᠠᠶᠢᠳᠠᠵᠤ ᠪᠠᠶᠢᠭ᠎ᠠ ᠪᠠᠨ ᠢᠯᠡᠷᠬᠡᠶᠢᠯᠡᠪᠡ᠃
ᠮᠣᠩᠭᠣᠯ ᠤᠯᠤᠰ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠡᠩᠬᠡ ᠶᠢ ᠰᠠᠬᠢᠭᠤᠯᠬᠤ ᠠᠵᠢᠯᠯᠠᠭᠠᠨ ᠳ᠋ᠡᠬᠢ ᠣᠷᠣᠯᠴᠠᠭ᠎ᠠ ᠪᠠᠨ ᠥᠷᠭᠡᠵᠢᠭᠦᠯᠬᠦ ᠪᠣᠳᠣᠯᠭ᠎ᠠ ᠪᠠᠷᠢᠮᠲᠠᠯᠠᠵᠤ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠴᠢᠳᠠᠪᠬᠢ ᠶᠢᠨ ᠪᠡᠯᠡᠨ ᠪᠠᠶᠢᠳᠠᠯ ᠤᠨ ᠰᠢᠰᠲ᠋ᠧᠮ ᠳᠦ ᠴᠡᠷᠢᠭ ᠦᠨ ᠳᠥᠷᠪᠡᠨ ᠨᠢᠭᠡᠴᠡ ᠪᠦᠷᠢᠳᠬᠡᠭᠦᠯᠦᠭᠰᠡᠨ ᠢ ᠬᠡᠯᠡᠪᠡ᠃ ᠮᠥᠨ ᠴᠡᠷᠢᠭ ᠦᠨ ᠪᠠᠭ ᠤᠳ ᠢᠶᠠᠨ ᠣᠶᠢᠷ᠎ᠠ ᠶᠢᠨ ᠬᠤᠭᠤᠴᠠᠭᠠᠨ ᠳᠤ ᠢᠯᠡᠭᠡᠬᠦ  ᠰᠤᠨᠢᠷᠬᠠᠯ ᠢᠶᠠᠨ ᠢᠯᠡᠷᠬᠡᠶᠢᠯᠡᠪᠡ᠃ ᠲᠠᠪᠤᠨᠲᠣᠯᠣᠭᠠᠢ ᠳ᠋ᠡᠬᠢ ᠵᠡᠪᠰᠡᠭᠲᠦ ᠬᠦᠴᠦᠨ ᠦ ᠰᠤᠷᠭᠠᠯᠲᠠ ᠶᠢᠨ ᠨᠢᠭᠡᠳᠦᠭᠰᠡᠨ ᠲᠥᠪ ᠢ ᠲᠦᠰᠢᠭᠯᠡᠨ 《ᠡᠩᠬᠡ ᠶᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠬᠦᠷᠢᠶᠡᠯᠡᠩ》 ᠪᠠᠶᠢᠭᠤᠯᠬᠤ ᠰᠠᠨᠠᠯ ᠢ ᠳᠡᠮᠵᠢᠨ᠎ᠡ ᠭᠡᠳᠡᠭ ᠲᠦ ᠨᠠᠶᠢᠳᠠᠵᠤ ᠪᠠᠶᠢᠭ᠎ᠠ ᠪᠠᠨ ᠲᠣᠳᠣᠳᠬᠠᠪᠠ᠃
ᠮᠣᠩᠭᠣᠯ ᠤᠯᠤᠰ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠶᠦᠯᠭᠦᠢ ᠶᠢᠨ ᠵᠥᠪᠯᠡᠯ ᠦᠨ 《ᠡᠮᠡᠭᠲᠡᠶᠢᠴᠦᠳ᠂ ᠡᠩᠬᠡ ᠲᠠᠶᠢᠪᠤᠩ᠂  ᠠᠶᠤᠯᠭᠦᠢ ᠪᠠᠶᠢᠳᠠᠯ》 ᠲᠣᠭᠲᠠᠭᠠᠯ ᠤᠨ ᠳᠠᠭᠠᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠡᠩᠬᠡ ᠶᠢ ᠰᠠᠬᠢᠭᠤᠯᠬᠤ ᠠᠵᠢᠯᠯᠠᠭᠠᠨ ᠳᠤ ᠡᠮᠡᠭᠲᠡᠢ ᠠᠯᠪᠠ ᠬᠠᠭᠠᠭᠴᠢᠳ ᠤᠨ ᠲᠣᠭ᠎ᠠ ᠶᠢ ᠨᠡᠮᠡᠵᠦ᠂ 15 ᠬᠤᠪᠢ ᠳᠤ ᠬᠦᠷᠭᠡᠬᠦ ᠴᠢᠭᠯᠡᠯ ᠪᠠᠷᠢᠮᠲᠠᠯᠠᠵᠤ ᠪᠠᠶᠢᠭ᠎ᠠ ᠶᠢ ᠬᠡᠯᠡᠪᠡ᠃ ᠡᠨᠡ ᠳᠠᠭᠠᠤ ᠡᠩᠬᠡ ᠶᠢ ᠰᠠᠬᠢᠭᠤᠯᠬᠤ ᠠᠵᠢᠯᠯᠠᠭᠠᠨ ᠳᠤ ᠡᠮᠡᠭᠲᠡᠢ ᠠᠯᠪᠠ ᠬᠠᠭᠠᠭᠴᠢᠳ ᠤᠨ ᠣᠷᠣᠯᠴᠠᠭᠠᠨ ᠤ ᠲᠠᠯ᠎ᠠ ᠪᠠᠷ ᠪᠥᠰᠡ ᠨᠤᠲᠤᠭ ᠤᠨ ᠣᠷᠣᠨ ᠨᠤᠭᠤᠳ ᠤᠨ ᠣᠯᠠᠨ ᠤᠯᠤᠰ ᠤᠨ ᠬᠤᠷᠠᠯ ᠢ ᠢᠷᠡᠬᠦ ᠣᠨ ᠳᠤ ᠤᠯᠠᠭᠠᠨᠪᠠᠭᠠᠲᠤᠷ ᠬᠤᠲᠠ ᠳᠤ ᠵᠣᠬᠢᠶᠠᠨ ᠪᠠᠶᠢᠭᠤᠯᠬᠤ ᠳᠤ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠬᠤ ᠶᠢ ᠬᠦᠰᠡᠪᠡ᠃ ᠮᠥᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠶᠢ ᠮᠣᠩᠭᠣᠯ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠬᠦ ᠶᠢ ᠤᠷᠢᠯ᠎ᠠ᠃

ᠬᠦᠮᠦᠯᠢᠭ ᠦᠨ ᠴᠢᠭᠯᠡᠯ ᠢᠶᠡᠷ ᠪᠤᠶᠠᠨᠲᠤ-ᠬᠤᠸᠠ ᠳᠤ ᠬᠦᠮᠦᠯᠢᠭ ᠦᠨ ᠠᠭᠤᠯᠬᠤ᠂ ᠨᠡᠶᠢᠯᠡᠭᠦᠯᠦᠯᠲᠡ ᠶᠢᠨ ᠯᠤᠭᠢᠰᠲ᠋ᠢᠺ ᠤᠨ ᠲᠥᠪ ᠪᠠᠷᠢᠬᠤ ᠳᠤ ᠳᠡᠮᠵᠢᠯᠭᠡ ᠦᠵᠡᠭᠦᠯᠬᠦ ᠬᠦᠰᠡᠯᠲᠡ ᠶᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠠᠨᠲ᠋ᠤᠨᠢᠤ᠋ ᠭᠤᠲᠸᠷᠷᠸᠱ ᠨᠠᠭᠠᠰᠢ ᠲᠠᠢ ᠬᠦᠯᠢᠶᠡᠵᠦ ᠠᠪᠤᠯ᠎ᠠ᠃ ᠮᠥᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠰᠢᠰᠲ᠋ᠧᠮ ᠦᠨ ᠪᠠᠶᠢᠭᠤᠯᠤᠯᠭ᠎ᠠ ᠶᠢᠨ ᠦᠢᠯᠡ ᠠᠵᠢᠯᠯᠠᠭᠠᠨ ᠳᠤ ᠮᠣᠩᠭᠣᠯ ᠤᠯᠤᠰ ᠢᠳᠡᠪᠬᠢᠲᠡᠢ ᠣᠷᠣᠯᠴᠠᠳᠠᠭ ᠲᠤ ᠲᠠᠯᠠᠷᠬᠠᠯ ᠢᠯᠡᠷᠬᠡᠶᠢᠯᠡᠨ᠂ ᠬᠠᠮᠲᠤ ᠶᠢᠨ ᠠᠵᠢᠯᠯᠠᠭ᠎ᠠ ᠵᠢᠯ ᠡᠴᠡ ᠵᠢᠯ ᠳᠦ ᠥᠷᠭᠡᠵᠢᠭᠰᠡᠭᠡᠷ ᠪᠠᠶᠢᠭ᠎ᠠ ᠶᠢ ᠴᠣᠬᠣᠨ ᠲᠡᠮᠳᠡᠭᠯᠡᠵᠦ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠮᠣᠩᠭᠣᠯ ᠤᠯᠤᠰ ᠲᠤ ᠳᠡᠮᠵᠢᠯᠭᠡ ᠦᠵᠡᠭᠦᠯᠦᠨ᠎ᠡ ᠭᠡᠳᠡᠭ ᠢ ᠬᠡᠯᠡᠪᠡ᠃

 

ᠰᠡᠳᠬᠢᠭᠳᠡᠯ ᠦᠯᠡᠳᠡᠭᠡᠬᠦ