ᠲᠡᠳᠭᠦᠯᠭᠡᠲᠦ ᠬᠥᠲᠥᠯᠪᠦᠷᠢ ᠲᠠᠨᠢᠯᠴᠠᠭᠤᠯᠬᠤ ᠠᠵᠢᠯ ᠤᠨ ᠬᠡᠰᠡᠭ ᠢ ᠬᠦᠯᠢᠶᠡᠨ ᠠᠪᠴᠤ ᠠᠭᠤᠯᠵᠠᠪᠠ | News.MN

ᠲᠡᠳᠭᠦᠯᠭᠡᠲᠦ ᠬᠥᠲᠥᠯᠪᠦᠷᠢ ᠲᠠᠨᠢᠯᠴᠠᠭᠤᠯᠬᠤ ᠠᠵᠢᠯ ᠤᠨ ᠬᠡᠰᠡᠭ ᠢ ᠬᠦᠯᠢᠶᠡᠨ ᠠᠪᠴᠤ ᠠᠭᠤᠯᠵᠠᠪᠠ

ᠠᠦᠢᠰᠲᠷᠠᠯᠢᠶ᠎ᠠ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠨᠢᠭᠡᠳᠦᠭᠡᠷ ᠨᠠᠷᠢᠨ ᠪᠢᠴᠢᠭ ᠦᠨ ᠳᠠᠷᠤᠭ᠎ᠠ᠂ ᠨᠣᠶᠠᠨ ᠳ᠋ᠠᠢᠸᠢ ᠫᠷᠧᠰᠲ᠋ᠣᠨ ᠢᠶᠠᠷ ᠠᠬᠠᠯᠠᠭᠤᠯᠤᠭᠰᠠᠨ ᠠᠵᠢᠯ ᠤᠨ ᠬᠡᠰᠡᠭ ᠪᠠᠶᠠᠨᠬᠣᠩᠭᠣᠷ ᠠᠶᠢᠮᠠᠭ ᠲᠤ ᠠᠵᠢᠯᠯᠠᠯ᠎ᠠ᠃  ᠲᠡᠳᠡᠨ ᠢ ᠪᠠᠶᠠᠨᠬᠣᠩᠭᠣᠷ ᠠᠶᠢᠮᠠᠭ ᠤᠨ ᠵᠠᠰᠠᠭ ᠳᠠᠷᠤᠭ᠎ᠠ ᠳ∙ᠮᠥᠩᠬᠡᠰᠠᠶᠢᠬᠠᠨ ᠬᠦᠯᠢᠶᠡᠨ ᠠᠪᠴᠤ᠂ ᠠᠯᠪᠠᠨ ᠠᠭᠤᠯᠵᠠᠯᠲᠠ ᠬᠢᠪᠡ᠃ ᠠᠶᠢᠮᠠᠭ ᠤᠨ ᠵᠠᠰᠠᠭ ᠳᠠᠷᠤᠭ᠎ᠠ ᠳ ∙ ᠮᠥᠩᠬᠡᠰᠠᠶᠢᠬᠠᠨ ᠲᠤᠰ ᠠᠵᠢᠯ ᠤᠨ ᠬᠡᠰᠡᠭ ᠢ ᠪᠠᠶᠠᠨᠬᠣᠩᠭᠣᠷ ᠠᠶᠢᠮᠠᠭ ᠲᠤ ᠠᠶᠢᠯᠴᠢᠯᠠᠵᠤ ᠪᠤᠢ ᠳᠤ ᠲᠠᠯᠠᠷᠬᠠᠯ ᠢᠯᠡᠷᠬᠡᠶᠢᠯᠡᠭᠡᠳ ᠠᠶᠢᠮᠠᠭ ᠣᠷᠣᠨ ᠨᠤᠲᠤᠭ ᠤᠨ ᠬᠥᠭᠵᠢᠯ ᠦᠨ ᠣᠶᠢᠷ᠎ᠠ ᠶᠢᠨ ᠲᠥᠯᠥᠪᠯᠡᠭᠡ ᠪᠤᠶᠤ ᠪᠠᠶᠢᠭᠠᠯᠢ ᠡᠺᠤᠯᠤᠭᠢ ᠶᠢᠨ ᠲᠡᠩᠴᠡᠪᠦᠷᠢᠲᠦ ᠪᠠᠶᠢᠳᠠᠯ ᠢ ᠬᠠᠩᠭᠠᠬᠤ᠂ ᠬᠠᠮᠠᠭᠠᠯᠠᠬᠤ ᠪᠣᠳᠣᠯᠭ᠎ᠠ᠂ ᠬᠦᠮᠦᠨ ᠢᠶᠡᠨ ᠬᠥᠭᠵᠢᠭᠦᠯᠬᠦ ᠪᠣᠳᠣᠯᠭ᠎ᠠ᠂ ᠣᠷᠣᠨ ᠨᠤᠲᠤᠭ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠦᠨᠳᠦᠰᠦᠨ ᠭᠤᠷᠪᠠᠨ ᠪᠣᠳᠣᠯᠭ᠎ᠠ ᠶᠢᠨ ᠲᠠᠯ᠎ᠠ ᠪᠠᠷ ᠲᠠᠨᠢᠯᠴᠠᠭᠤᠯᠤᠭᠰᠠᠨ ᠶᠤᠮ᠃
ᠢᠩᠭᠢᠬᠦ ᠳᠦ ᠪᠡᠨ ᠴᠥᠯᠵᠢᠯᠲᠡ᠂ ᠪᠡᠯᠴᠢᠭᠡᠷ ᠦᠨ ᠳᠣᠷᠣᠶᠢᠲᠠᠯ ᠠᠴᠠ ᠤᠨᠠᠭᠠᠨ ᠪᠠᠶᠢᠭᠠᠯᠢ ᠪᠠᠨ ᠬᠠᠮᠠᠭᠠᠯᠠᠬᠤ ᠶᠢᠨ ᠲᠤᠯᠠᠳᠠ ᠡᠬᠢᠨ ᠦ ᠡᠭᠡᠯᠵᠢ ᠳᠦ ᠠᠶᠢᠮᠠᠭ ᠤᠨ ᠲᠥᠪ ᠢᠶᠡᠨ ᠨᠣᠭᠣᠭᠠᠷᠠᠭᠤᠯᠬᠤ ᠠᠵᠢᠯ ᠢ ᠡᠬᠢᠯᠡᠭᠦᠯᠦᠭᠰᠡᠨ᠂ ᠣᠷᠣᠨ ᠨᠤᠲᠤᠭ ᠤᠨ ᠨᠥᠬᠥᠴᠡᠯ ᠪᠣᠯᠤᠮᠵᠢ ᠪᠤᠶᠤ ᠬᠣᠶᠠᠷ  ᠪᠦᠬᠡᠲᠦ ᠲᠡᠮᠡᠭᠡᠨ ᠰᠦᠷᠦᠭ ᠦᠨ ᠢᠶᠡᠨ ᠰᠦ ᠶᠢ ᠪᠣᠯᠪᠠᠰᠤᠷᠠᠭᠤᠯᠵᠤ ᠭᠠᠳᠠᠭᠠᠳᠤ ᠵᠠᠬ᠎ᠠ ᠵᠡᠭᠡᠯᠢ ᠳᠦ ᠨᠡᠶᠢᠯᠡᠭᠦᠯᠬᠦ ᠪᠡᠷ ᠦᠢᠯᠡᠳᠪᠦᠷᠢ ᠶᠢᠨ ᠠᠵᠢᠯ ᠢ ᠡᠬᠢᠯᠡᠭᠦᠯᠦᠭᠰᠡᠨ᠂ ᠬᠦᠮᠦᠨ ᠢᠶᠡᠨ ᠬᠥᠭᠵᠢᠭᠦᠯᠬᠦ ᠶᠢᠨ ᠲᠤᠯᠠᠳᠠ ᠪᠣᠯᠪᠠᠰᠤᠷᠠᠯ ᠢ ᠪᠣᠳᠣᠯᠭ᠎ᠠ ᠪᠠᠷ ᠳᠡᠮᠵᠢᠵᠦ᠂ ᠬᠥᠳᠡᠯᠮᠦᠷᠢ ᠶᠢᠨ ᠨᠠᠰᠤᠨ ᠤ ᠬᠦᠮᠦᠨ ᠠᠮᠠ ᠶᠢ ᠠᠵᠢᠯ ᠳᠤ ᠰᠤᠷᠭᠠᠬᠤ ᠲᠠᠯ᠎ᠠ ᠳᠡᠭᠡᠷ᠎ᠡ ᠪᠠᠭ᠎ᠠ ᠦᠭᠡᠢ ᠦᠷ᠎ᠡ ᠳ᠋ᠦᠩ ᠦᠵᠡᠭᠦᠯᠦᠭᠡᠳ ᠪᠠᠶᠢᠭ᠎ᠠ ᠪᠠᠨ ᠲᠣᠳᠣᠳᠬᠠᠭᠰᠠᠨ᠃
ᠳ᠋ᠠᠢᠸᠢ ᠫᠷᠧᠰᠲ᠋ᠣᠨ ᠄ ᠪᠢᠳᠡ ᠵᠥᠪᠬᠡᠨ ᠤᠯᠠᠭᠠᠨᠪᠠᠭᠠᠲᠤᠷ ᠲᠤ ᠪᠤᠰᠤ ᠮᠣᠩᠭᠣᠯ ᠣᠷᠣᠨ ᠤ ᠥᠨᠴᠥᠭ ᠪᠤᠯᠤᠩ ᠪᠦᠷᠢ ᠳᠦ ᠬᠦᠷᠴᠦ ᠠᠵᠢᠯᠯᠠᠬᠤ ᠵᠣᠷᠢᠯᠭ᠎ᠠ ᠲᠠᠢ ᠪᠠᠶᠢᠭ᠎ᠠ ᠶᠤᠮ᠃  ᠪᠢᠳᠡ ᠵᠥᠪᠬᠡᠨ ᠪᠣᠯᠪᠠᠰᠤᠷᠠᠯ ᠭᠡᠯᠲᠡ ᠦᠭᠡᠢ ᠲᠠᠨ ᠤ ᠣᠷᠣᠨ ᠨᠤᠲᠤᠭ ᠤᠨ ᠰᠢᠨ᠎ᠡ ᠰᠠᠨᠠᠭᠠᠴᠢᠯᠠᠭ᠎ᠠ ᠲᠥᠰᠥᠯ ᠵᠡᠷᠭᠡ ᠪᠡᠷ ᠬᠣᠯᠪᠣᠭᠳᠠᠬᠤ ᠰᠠᠯᠪᠤᠷᠢ ᠨᠤᠭᠤᠳ ᠳᠡᠭᠡᠷ᠎ᠡ ᠳᠡᠮᠵᠢᠵᠦ ᠬᠠᠮᠲᠤᠷᠠᠨ ᠠᠵᠢᠯᠯᠠᠬᠤ ᠪᠣᠯᠤᠮᠵᠢ ᠲᠠᠢ ᠶᠤᠮ᠃
ᠠᠦᠢᠰᠲᠷᠠᠯᠢᠶ᠎ᠠ  ᠬᠦᠮᠦᠰ ᠤᠨ ᠬᠠᠮᠤᠭ ᠤᠨ ᠳᠤᠷᠠᠲᠠᠢ ᠰᠫᠣᠷᠲ ᠪᠣᠯᠬᠤ ᠺᠷᠢᠺᠧᠲ ᠢ ᠪᠠᠶᠠᠨᠬᠣᠩᠭᠣᠷ ᠠᠶᠢᠮᠠᠭ ᠲᠤ ᠬᠥᠭᠵᠢᠭᠦᠯᠵᠦ ᠣᠯᠠᠨ ᠵᠠᠭᠤᠨ ᠬᠡᠦᠬᠡᠳ ᠵᠠᠯᠠᠭᠤᠰ ᠲᠤ ᠪᠠᠨ ᠵᠣᠷᠢᠭᠤᠯᠤᠨ ᠺᠷᠢᠺᠧᠲ ᠤᠨ ᠵᠣᠷᠢᠭᠤᠯᠤᠯᠲᠠ ᠶᠢᠨ ᠲᠠᠯᠠᠪᠠᠢ ᠪᠠᠶᠢᠭᠤᠯᠤᠨ ᠥᠭᠴᠦ ᠪᠠᠶᠢᠭ᠎ᠠ ᠳᠤ ᠨᠣᠶᠠᠨ ᠳ᠋ᠠᠢᠸᠢ ᠫᠷᠧᠰᠲ᠋ᠣᠨ ᠶᠡᠬᠡᠳᠡ ᠣᠯᠵᠠᠭᠤᠷᠬᠠᠭᠠᠳ ᠢᠷᠡᠬᠦ ᠣᠨ ᠳᠤ ᠲᠣᠬᠢᠶᠠᠬᠤ ᠮᠣᠩᠭᠣᠯ ᠠᠦᠢᠰᠲᠷᠠᠯᠢᠶ᠎ᠠ ᠤᠯᠤᠰ ᠤᠨ ᠳ᠋ᠢᠫᠯᠣᠮᠠᠲ ᠬᠠᠷᠢᠯᠴᠠᠭᠠᠨ ᠤ 50 ᠵᠢᠯ ᠦᠨ ᠣᠢ ᠶᠢᠨ ᠰᠫᠣᠷᠲ ᠤᠨ ᠨᠠᠭᠠᠳᠤᠮ ᠢᠶᠠᠨ ᠤᠭ ᠲᠠᠯᠠᠪᠠᠢ ᠶᠢ ᠲᠦᠰᠢᠭᠯᠡᠨ ᠲᠠᠨ ᠤ ᠠᠶᠢᠮᠠᠭ ᠲᠤ ᠬᠢᠵᠦ ᠪᠣᠯᠬᠤ ᠶᠤᠮ᠃ ᠪᠢᠳᠡᠨ ᠦ ᠴᠠᠭᠠᠰᠢᠳᠠ ᠶᠢᠨ ᠬᠠᠮᠲᠤ ᠶᠢᠨ ᠠᠵᠢᠯᠯᠠᠭ᠎ᠠ᠂ ᠬᠣᠶᠠᠷ ᠣᠷᠣᠨ ᠤ ᠳ᠋ᠢᠫᠯᠣᠮᠠᠲ ᠬᠠᠷᠢᠯᠴᠠᠭᠠᠨ ᠤ ᠦᠷ᠎ᠡ ᠰᠢᠮ᠎ᠡ ᠥᠨᠳᠥᠷ ᠪᠠᠶᠢᠭ ᠭᠡᠰᠡᠨ ᠢᠶᠡᠷ ᠬᠣᠶᠠᠷ ᠲᠠᠯ᠎ᠠ ᠶᠢᠨ ᠠᠯᠪᠠᠨ ᠠᠭᠤᠯᠵᠠᠯᠲᠠ ᠥᠨᠳᠥᠷᠯᠡᠪᠡ᠃

ᠰᠡᠳᠬᠢᠭᠳᠡᠯ ᠦᠯᠡᠳᠡᠭᠡᠬᠦ