ᠤ᠊∙ᠬᠦᠷᠡᠯᠰᠦ᠋ᠬᠡ ᠸᠢᠶᠧᠲ᠋ᠨᠠᠮ ᠤᠯᠤᠰ ᠤᠨ ᠶᠡᠷᠦᠩᠬᠡᠶᠢᠯᠡᠭᠴᠢ ᠲᠡᠢ ᠠᠭᠤᠯᠵᠠᠪᠠ | News.MN

ᠤ᠊∙ᠬᠦᠷᠡᠯᠰᠦ᠋ᠬᠡ ᠸᠢᠶᠧᠲ᠋ᠨᠠᠮ ᠤᠯᠤᠰ ᠤᠨ ᠶᠡᠷᠦᠩᠬᠡᠶᠢᠯᠡᠭᠴᠢ ᠲᠡᠢ ᠠᠭᠤᠯᠵᠠᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 76 ᠳ᠋ᠤᠭᠠᠷ ᠴᠢᠭᠤᠯᠭᠠᠨ ᠳᠤ ᠤᠷᠤᠯᠴᠠᠬᠤ ᠦᠶ᠎ᠡ ᠪᠡᠷ ᠢᠶᠡᠨ ᠪᠦᠭᠦᠳᠡ ᠨᠠᠶᠢᠷᠠᠮᠳᠠᠬᠤ ᠰᠣᠴᠢᠶᠠᠯᠢᠰᠲ ᠸᠢᠶᠧᠲ᠋ᠨᠠᠮ ᠤᠯᠤᠰ ᠤᠨ ᠶᠡᠷᠦᠩᠬᠡᠶᠢᠯᠡᠭᠴᠢ ᠨᠧᠭᠤᠢᠨ ᠰᠤᠸᠠᠨ ᠹᠦᠺ ᠲᠠᠢ ᠠᠭᠤᠯᠵᠠᠯ᠎ᠠ᠃ ᠤᠯᠠᠮᠵᠢᠯᠠᠯᠲᠤ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠥᠷᠭᠡᠵᠢᠨ ᠬᠥᠭᠵᠢᠵᠦ ᠪᠠᠶᠢᠭ᠎ᠠ ᠳᠤ ᠰᠡᠳᠬᠢᠯ ᠬᠠᠩᠭᠠᠯᠤᠭᠤᠨ ᠪᠠᠶᠢᠭ᠎ᠠ ᠪᠠᠨ᠂ 2016 ᠣᠨ ᠳᠤ ᠤᠯᠠᠭᠠᠨᠪᠠᠭᠠᠲᠤᠷ ᠬᠤᠲᠠ ᠳᠤ ᠪᠣᠯᠤᠭᠰᠠᠨ АСЕМ ᠦᠨ ᠳᠡᠭᠡᠳᠦ ᠲᠦᠪᠰᠢᠨ ᠦ ᠠᠷᠪᠠᠨ ᠨᠢᠭᠡᠳᠦᠭᠡᠷ ᠠᠭᠤᠯᠵᠠᠯᠲᠠ ᠶᠢᠨ ᠦᠶ᠎ᠡ ᠪᠡᠷ ᠪᠦᠭᠦᠳᠡ ᠨᠠᠶᠢᠷᠠᠮᠳᠠᠬᠤ ᠰᠣᠴᠢᠶᠠᠯᠢᠰᠲ ᠸᠢᠶᠧᠲ᠋ᠨᠠᠮ ᠤᠯᠤᠰ ᠤᠨ ᠶᠡᠷᠦᠩᠬᠡᠢ ᠰᠠᠶᠢᠳ ᠤᠨ ᠬᠤᠪᠢ ᠪᠠᠷ ᠠᠯᠪᠠᠨ ᠶᠣᠰᠣᠨ ᠤ ᠠᠶᠢᠯᠴᠢᠯᠠᠯ ᠬᠢᠭᠰᠡᠨ ᠨᠢ ᠬᠠᠷᠢᠯᠴᠠᠭ᠎ᠠ ᠶᠢ ᠥᠷᠭᠡᠵᠢᠭᠦᠯᠦᠨ ᠬᠥᠭᠵᠢᠭᠦᠯᠬᠦ ᠳᠦ ᠴᠢᠬᠤᠯᠠ ᠲᠦᠯᠬᠢᠴᠡ ᠪᠣᠯᠤᠭᠰᠠᠨ ᠢ ᠶᠡᠷᠦᠩᠬᠡᠶᠢᠯᠡᠭᠴᠢ ᠤ᠊∙ᠬᠦᠷᠡᠯᠰᠦ᠋ᠬᠡ ᠬᠡᠯᠡᠪᠡ᠃

ᠳᠠᠶᠢᠨ ᠤ ᠬᠦᠨᠳᠦ ᠬᠡᠴᠡᠭᠦᠦ ᠴᠠᠭ ᠲᠤ ᠮᠣᠩᠭᠣᠯ ᠤᠯᠤᠰ ᠤᠨ ᠦᠵᠡᠭᠦᠯᠵᠦ ᠪᠠᠶᠢᠭᠰᠠᠨ ᠲᠤᠰᠠᠯᠠᠮᠵᠢ ᠳᠡᠮᠵᠢᠯᠭᠡ ᠶᠢ ᠰᠠᠶᠢᠨ ᠢᠶᠠᠷ ᠳᠤᠷᠠᠰᠴᠤ ᠶᠠᠪᠤᠳᠠᠭ᠂ ᠠᠬᠠᠨᠳᠡᠭᠦᠦᠰ ᠦᠨ ᠬᠠᠷᠢᠯᠴᠠᠭ᠎ᠠ ᠲᠠᠢ ᠤᠯᠤᠰ ᠤᠳ ᠭᠡᠳᠡᠭ ᠢ ᠸᠢᠶᠧᠲ᠋ᠨᠠᠮ ᠤᠯᠤᠰ ᠤᠨ ᠶᠡᠷᠦᠩᠬᠡᠶᠢᠯᠡᠭᠴᠢ  ᠲᠡᠮᠳᠡᠭᠯᠡᠭᠡᠳ᠂ ᠡᠮᠦᠨᠡᠲᠦ ᠬᠢᠲᠠᠳ ᠤᠨ ᠲᠡᠩᠭᠢᠰ ᠲᠡᠬᠢ ᠮᠠᠷᠭᠤᠭᠠᠨ ᠤ ᠠᠰᠠᠭᠤᠳᠠᠯ ᠢᠶᠠᠷ ᠳᠦᠷᠢᠮ ᠳᠦ ᠰᠠᠭᠤᠷᠢᠯᠠᠭᠰᠠᠨ ᠵᠣᠬᠢᠴᠠᠭᠤᠯᠤᠯᠲᠠ᠂ ᠡᠩᠬᠡ ᠶᠢᠨ ᠱᠤᠭᠤᠮ ᠢᠶᠠᠷ  ᠰᠢᠢᠳᠬᠦ ᠰᠢᠢᠳᠦᠯ ᠢ ᠡᠷᠬᠢᠮᠯᠡᠳᠡᠭ ᠭᠡᠳᠡᠭ ᠢᠶᠡᠨ ᠬᠡᠯᠡᠭᠡᠳ᠂ ᠡᠨᠡ ᠴᠢᠭᠯᠡᠯ ᠢᠶᠡᠷ ᠮᠣᠩᠭᠣᠯ ᠤᠯᠤᠰ ᠪᠠᠶᠢᠷᠢ ᠰᠠᠭᠤᠷᠢ ᠪᠠᠨ ᠢᠯᠡᠷᠬᠡᠶᠢᠯᠡᠵᠦ ᠪᠠᠶᠢᠬᠤ ᠶᠢ ᠬᠦᠰᠡᠪᠡ᠃

ᠰᠡᠳᠬᠢᠭᠳᠡᠯ ᠦᠯᠡᠳᠡᠭᠡᠬᠦ