《ᠳ᠋ᠤᠪᠠᠢ ᠡᠺᠰᠫᠤ -2020》  ᠳᠤ ︽ᠮᠣᠩᠭᠣᠯ ᠤᠨ ᠡᠳᠦᠷᠯᠢᠭ︾ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ᠎ᠠ | News.MN

《ᠳ᠋ᠤᠪᠠᠢ ᠡᠺᠰᠫᠤ -2020》  ᠳᠤ ︽ᠮᠣᠩᠭᠣᠯ ᠤᠨ ᠡᠳᠦᠷᠯᠢᠭ︾ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ᠎ᠠ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 76 ᠳ᠋ᠤᠭᠠᠷ ᠴᠢᠭᠤᠯᠭᠠᠨ ᠳᠤ ᠣᠷᠣᠯᠴᠠᠵᠤ ᠪᠤᠢ ᠭᠠᠳᠠᠭᠠᠳᠤ ᠬᠠᠷᠢᠯᠴᠠᠭᠠᠨ ᠤ ᠶᠠᠮᠤᠨ ᠤ ᠰᠠᠶᠢᠳ ᠪ ∙ ᠪᠠᠲᠤᠴᠡᠴᠡᠭ ᠶᠢᠰᠦᠳᠦᠭᠡᠷ ᠰᠠᠷ᠎ᠠ ᠶᠢᠨ 21  ᠦ ᠡᠳᠦᠷ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠭᠠᠳᠠᠭᠠᠳᠤ ᠬᠡᠷᠡᠭ᠂ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠶᠠᠮᠤᠨ ᠤ ᠲᠥᠷᠥ ᠶᠢᠨ ᠰᠠᠶᠢᠳ ᠬᠠᠲᠤᠭᠲᠠᠢ ᠷᠢᠮ ᠠᠯᠢ-ᠬᠠᠰᠢᠮᠢ ᠲᠠᠢ ᠠᠭᠤᠯᠵᠠᠵᠤ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ᠃
ᠰᠠᠶᠢᠳ ᠪ∙ᠪᠠᠲᠤᠴᠡᠴᠡᠭ ᠮᠣᠩᠭᠣᠯ᠂ ᠡᠮᠢᠷᠠᠲ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 25 ᠵᠢᠯ ᠦᠨ ᠣᠢ ᠲᠣᠬᠢᠶᠠᠵᠤ ᠪᠤᠢ ᠶᠢ ᠳᠤᠷᠠᠳᠤᠭᠠᠳ ᠡᠨᠡ ᠬᠦ ᠲᠡᠮᠳᠡᠭᠯᠡᠯᠲᠦ ᠣᠢ ᠶᠢᠨ ᠵᠢᠯ ᠮᠠᠨ ᠤ ᠲᠠᠯ᠎ᠠ ᠭᠠᠳᠠᠭᠠᠳᠤ ᠬᠠᠷᠢᠯᠴᠠᠭᠠᠨ ᠤ ᠰᠠᠶᠢᠳ ᠤᠨ ᠲᠦᠪᠰᠢᠨ ᠳᠦ ᠠᠶᠢᠯᠴᠢᠯᠠᠵᠤ᠂ ᠠᠪᠤᠳᠠᠪᠢ ᠬᠤᠲᠠ ᠳᠤ ᠮᠣᠩᠭᠣᠯ ᠤᠯᠤᠰ ᠤᠨ ᠡᠯᠴᠢᠨ ᠰᠠᠶᠢᠳ ᠤᠨ ᠶᠠᠮᠤᠨ ᠨᠡᠭᠡᠭᠡᠬᠦ᠂《ᠳ᠋ᠤᠪᠠᠢ ᠡᠺᠰᠫᠤ 2020》 ᠦᠵᠡᠰᠬᠦᠯᠡᠩ ᠳᠦ ᠣᠷᠣᠯᠴᠠᠵᠤ᠂ ᠤᠯᠤᠰ ᠣᠷᠣᠨ ᠢᠶᠠᠨ ᠰᠤᠷᠲᠠᠯᠴᠢᠯᠠᠬᠤ ᠵᠡᠷᠭᠡ ᠠᠷᠭ᠎ᠠ ᠬᠡᠮᠵᠢᠶ᠎ᠡ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠪᠠᠨ ᠮᠡᠳᠡᠭᠡᠯᠡᠪᠡ᠃
ᠲᠥᠷᠥ ᠶᠢᠨ ᠰᠠᠶᠢᠳ ᠬᠠᠲᠤᠭᠲᠠᠢ ᠷᠢᠮ ᠠᠯᠢ-ᠬᠠᠰᠢᠮᠢ ᠮᠣᠩᠭᠣᠯ ᠤᠯᠤᠰ《 ᠳ᠋ᠤᠪᠠᠢ ᠡᠺᠰᠫᠤ 2020》ᠦᠵᠡᠰᠬᠦᠯᠡᠩ ᠳᠦ ᠥᠨᠳᠥᠷ ᠠᠴᠢ ᠬᠣᠯᠪᠣᠭᠳᠠᠯ ᠥᠭᠴᠦ᠂ ᠣᠷᠣᠯᠴᠠᠬᠤ ᠪᠠᠷ ᠲᠥᠯᠥᠪᠯᠡᠵᠦ ᠪᠠᠶᠢᠭ᠎ᠠ ᠳᠤ ᠪᠠᠶᠠᠷᠲᠠᠢ ᠪᠠᠶᠢᠨ᠎ᠠ ᠭᠡᠳ ᠦᠵᠡᠰᠬᠦᠯᠡᠩ ᠦᠨ ᠦᠶ᠎ᠡ ᠪᠡᠷ ᠵᠣᠬᠢᠶᠠᠭᠳᠠᠬᠤ 《ᠮᠣᠩᠭᠣᠯ ᠤᠨ ᠡᠳᠦᠷᠯᠢᠭ》ᠠᠷᠭ᠎ᠠ ᠬᠡᠮᠵᠢᠶ᠎ᠡ ᠨᠢ ᠮᠣᠩᠭᠣᠯ ᠤᠯᠤᠰ᠂ ᠠᠷᠠᠪ ᠤᠨ ᠨᠢᠭᠡᠳᠦᠭᠰᠡᠨ ᠡᠮᠢᠷᠡᠲ ᠤᠯᠤᠰ ᠤᠨ ᠬᠣᠭᠣᠷᠣᠨᠳᠣ ᠶᠢᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ ᠳᠦ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠦ ᠢᠲᠡᠭᠡᠯ ᠲᠡᠢ ᠪᠠᠶᠢᠭ᠎ᠠ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ