ᠡᠳ᠋  ᠦᠨ ᠵᠠᠰᠠᠭ 2021 ᠣᠨ ᠳᠤ 4.6 ᠬᠤᠪᠢ ᠪᠠᠷ ᠥᠰᠬᠦ ᠲᠥᠯᠥᠪᠲᠡᠢ | News.MN

ᠡᠳ᠋  ᠦᠨ ᠵᠠᠰᠠᠭ 2021 ᠣᠨ ᠳᠤ 4.6 ᠬᠤᠪᠢ ᠪᠠᠷ ᠥᠰᠬᠦ ᠲᠥᠯᠥᠪᠲᠡᠢ

ᠠᠽᠢᠶ᠎ᠠ ᠶᠢᠨ ᠬᠥᠭᠵᠢᠯ ᠦᠨ ᠪᠠᠩᠭᠢ《ᠠᠽᠢᠶ᠎ᠠ ᠶᠢᠨ ᠬᠥᠭᠵᠢᠯ ᠦᠨ ᠰᠢᠨᠡᠴᠢᠯᠡᠭᠰᠡᠨ ᠲᠥᠯᠥᠪ 2021》 ᠢ ᠲᠠᠨᠢᠯᠴᠠᠭᠤᠯᠤᠯ᠎ᠠ᠃  ᠲᠠᠢᠯᠤᠨ ᠳᠤ ᠮᠣᠩᠭᠣᠯ ᠤᠯᠤᠰ ᠤᠨ ᠡᠳ᠋ ᠦᠨ ᠵᠠᠰᠠᠭ ᠤᠨ ᠥᠰᠦᠯᠲᠡ ᠶᠢ 2021 ᠣᠨ ᠳᠤ 4.6 ᠬᠤᠪᠢ ᠪᠠᠶᠢᠬᠤ ᠪᠠᠷ ᠲᠠᠭᠠᠮᠠᠭᠯᠠᠭᠰᠠᠨ ᠨᠢ ᠡᠨᠡ ᠣᠨ ᠤ ᠳᠦᠷᠪᠡᠳᠦᠭᠡᠷ ᠰᠠᠷ᠎ᠠ ᠳᠤ ᠲᠠᠨᠢᠯᠴᠠᠭᠤᠯᠤᠭᠰᠠᠨ 4.8 ᠬᠤᠪᠢ ᠶᠢᠨ ᠲᠥᠰᠥᠭᠡᠯᠡᠯ ᠡᠴᠡ ᠶᠠᠯᠢᠮ ᠦᠭᠡᠢ ᠪᠠᠭᠤᠷᠠᠵᠠᠢ᠃

2021 ᠣᠨ ᠤ ᠡᠬᠢᠨ ᠦ ᠬᠠᠭᠠᠰ ᠲᠤ ᠠᠭᠤᠯᠠ ᠠᠭᠤᠷᠬᠠᠢ ᠪᠣᠯᠤᠨ ᠦᠢᠯᠡᠴᠢᠯᠡᠭᠡᠨ ᠦ ᠰᠠᠯᠪᠤᠷᠢ ᠰᠡᠷᠭᠦᠭᠰᠡᠨ ᠢᠶᠡᠷ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ 7.1ᠬᠤᠪᠢ ᠪᠠᠷ ᠥᠰᠦᠭᠰᠡᠨ᠃ ᠭᠡᠪᠡᠴᠦ ᠲᠠᠬᠤᠯ ᠤᠨ ᠬᠠᠯᠳᠠᠪᠤᠷᠢ ᠶᠢᠨ ᠲᠣᠭ᠎ᠠ ᠨᠡᠮᠡᠭᠳᠡᠵᠦ᠂ ᠲᠡᠭᠦᠨ ᠦ ᠡᠰᠡᠷᠭᠦ ᠬᠠᠲᠠᠭᠤ ᠬᠥᠯ ᠬᠣᠷᠢᠭ᠎ᠠ ᠠᠪᠴᠤ ᠬᠡᠷᠡᠭᠵᠢᠭᠦᠯᠦᠭᠰᠡᠨ ᠦ ᠤᠯᠠᠮ ᠠᠴᠠ ᠪᠠᠷᠢᠯᠭ᠎ᠠ ᠶᠢᠨ ᠰᠠᠯᠪᠤᠷᠢ ᠳᠤ ᠠᠭᠰᠢᠯᠲᠠ ᠦᠷᠭᠦᠯᠵᠢᠯᠡᠵᠦ᠂ ᠬᠥᠳᠡᠭᠡ ᠠᠵᠤ ᠠᠬᠤᠢ ᠶᠢᠨ ᠰᠠᠯᠪᠤᠷᠢ ᠮᠥᠨ ᠠᠭᠰᠢᠭᠰᠠᠨ ᠪᠥᠭᠡᠳ ᠨᠡᠶᠢᠲᠡ ᠬᠡᠷᠡᠭᠯᠡᠭᠡ ᠪᠠᠭᠤᠷᠠᠭᠰᠠᠨ ᠠᠴᠠ ᠡᠳ᠋ ᠦᠨ ᠵᠠᠰᠠᠭ ᠤᠨ ᠦᠰᠦᠯᠲᠡ ᠳᠦ ᠰᠥᠷᠭᠦ ᠨᠥᠯᠥᠭᠡ ᠦᠵᠡᠭᠦᠯᠦᠭᠰᠡᠨ ᠪᠠᠶᠢᠨ᠎ᠠ᠃ ᠬᠠᠷᠢᠨ ᠬᠤᠪᠢ ᠶᠢᠨ ᠬᠡᠪᠰᠢᠯ ᠦᠨ᠂ ᠢᠯᠠᠩᠭᠤᠶ᠎ᠠ ᠵᠢᠵᠢᠭ ᠳᠤᠮᠳᠠ ᠪᠢᠽᠢᠨᠧᠰ ᠦᠨ ᠵᠢᠭᠡᠯᠡ ᠶᠢᠨ ᠥᠰᠦᠯᠲᠡ ᠡᠷᠭᠢᠵᠦ ᠰᠡᠷᠭᠦᠭᠰᠡᠨ ᠢᠶᠡᠷ ᠬᠥᠷᠥᠩᠭᠡ ᠣᠷᠣᠭᠤᠯᠤᠯᠲᠠ ᠨᠡᠮᠡᠭᠳᠡᠵᠦ᠂ ᠡᠳ᠋  ᠤᠨ ᠵᠠᠰᠠᠭ ᠤᠨ ᠦᠰᠦᠯᠲᠡ ᠳᠦ ᠡᠶᠡᠷᠭᠦ ᠪᠡᠷ ᠨᠥᠯᠦᠭᠡᠯᠡᠵᠡᠢ᠃

ᠰᠡᠳᠬᠢᠭᠳᠡᠯ ᠦᠯᠡᠳᠡᠭᠡᠬᠦ