ᠤ᠊ ∙ᠬᠦᠷᠡᠯᠰᠦ᠋ᠬᠡ ᠪᠦᠭᠦᠳᠡ ᠨᠠᠶᠢᠷᠠᠮᠳᠠᠬᠤ ᠡᠰᠲ᠋ᠣᠨᠢ ᠤᠯᠤᠰ ᠤᠨ ᠶᠡᠷᠦᠩᠬᠡᠶᠢᠯᠡᠭᠴᠢ ᠲᠡᠢ ᠠᠭᠤᠯᠵᠠᠪᠠ | News.MN

ᠤ᠊ ∙ᠬᠦᠷᠡᠯᠰᠦ᠋ᠬᠡ ᠪᠦᠭᠦᠳᠡ ᠨᠠᠶᠢᠷᠠᠮᠳᠠᠬᠤ ᠡᠰᠲ᠋ᠣᠨᠢ ᠤᠯᠤᠰ ᠤᠨ ᠶᠡᠷᠦᠩᠬᠡᠶᠢᠯᠡᠭᠴᠢ ᠲᠡᠢ ᠠᠭᠤᠯᠵᠠᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ 2021 ᠣᠨ ᠤ ᠶᠢᠰᠦᠳᠦᠭᠡᠷ ᠰᠠᠷ᠎ᠠ ᠶᠢᠨ 22  ᠤ ᠡᠳᠦᠷ ᠪᠦᠭᠦᠳᠡ ᠨᠠᠶᠢᠷᠠᠮᠳᠠᠬᠤ ᠡᠰᠲ᠋ᠣᠨᠢ ᠤᠯᠤᠰ ᠤᠨ ᠶᠡᠷᠦᠩᠬᠡᠶᠢᠯᠡᠭᠴᠢ ᠺᠧᠷᠰᠲ᠋ᠢ ᠺᠠᠯᠢᠤᠯᠠᠢ ᠲᠠᠢ ᠠᠭᠤᠯᠵᠠᠵᠤ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠶᠠᠷᠢᠯᠴᠠᠪᠠ᠃ ᠴᠠᠬᠢᠮ ᠦᠨᠳᠦᠰᠦᠲᠡᠨ ᠪᠣᠯᠬᠤ᠂ ᠲᠥᠷᠥ ᠶᠢᠨ ᠦᠢᠯᠡᠴᠢᠯᠡᠭᠡ ᠶᠢ ᠴᠠᠬᠢᠮᠵᠢᠭᠤᠯᠬᠤ ᠪᠠᠷ E-MONGOLIA ᠰᠢᠰᠲ᠋ᠧᠮ ᠬᠥᠭᠵᠢᠭᠦᠯᠬᠦ ᠳᠦ ᠡᠰᠲ᠋ᠣᠨᠢ ᠶᠢᠨ ᠲᠠᠯ᠎ᠠ ᠳᠡᠮᠵᠢᠯᠭᠡ ᠦᠵᠡᠭᠦᠯᠦᠭᠰᠡᠨ ᠳᠦ ᠲᠠᠯᠠᠷᠬᠠᠯ ᠢᠯᠡᠷᠬᠡᠶᠢᠯᠡᠵᠦ᠂ ᠡᠨᠡ ᠴᠢᠭᠯᠡᠯ ᠢᠶᠡᠷ ᠤᠯᠠᠮ ᠢᠳᠡᠪᠬᠢᠲᠡᠢ ᠬᠠᠮᠲᠤᠷᠠᠨ ᠠᠵᠢᠯᠯᠠᠬᠤ ᠨᠢ ᠵᠦᠢᠲᠡᠢ ᠭᠡᠵᠦ ᠦᠵᠡᠳᠡᠭ ᠢᠶᠡᠨ ᠬᠡᠯᠡᠪᠡ᠃
ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠡᠨᠡ ᠵᠢᠯ ᠲᠣᠬᠢᠶᠠᠵᠤ ᠪᠠᠶᠢᠭ᠎ᠠ ᠶᠢ ᠲᠠᠯ᠎ᠠ ᠨᠤᠭᠤᠳ ᠣᠨᠴᠠᠯᠠᠵᠤ᠂ ᠬᠦᠮᠦᠨ ᠬᠣᠭᠣᠷᠣᠨᠳᠣ ᠶᠢᠨ ᠬᠠᠷᠢᠯᠴᠠᠭ᠎ᠠ᠂ ᠠᠷᠠᠳ ᠲᠦᠮᠡᠨ ᠦ ᠨᠥᠬᠥᠷᠯᠡᠯ ᠢ ᠪᠠᠲᠤᠳᠬᠠᠬᠤ ᠡᠭᠦᠳᠡᠨ ᠡᠴᠡ ᠰᠤᠶᠤᠯ᠂ ᠤᠷᠠᠯᠢᠭ ᠤᠨ ᠠᠷᠭ᠎ᠠ ᠬᠡᠮᠵᠢᠶ᠎ᠡ ᠵᠣᠬᠢᠶᠠᠬᠤ ᠲᠠᠯ᠎ᠠ ᠪᠠᠷ ᠰᠠᠨᠠᠯ ᠰᠤᠯᠢᠯᠴᠠᠪᠠ᠃ ᠴᠢᠨᠠᠭᠰᠢᠳᠠ ᠪᠣᠯᠤᠮᠵᠢᠲᠤ ᠪᠦᠬᠦ ᠰᠠᠯᠪᠤᠷᠢ ᠳᠤ᠂ ᠲᠡᠷᠡ ᠳᠤᠮᠳᠠ ᠪᠠᠨ ᠢᠨᠨᠣᠸᠠᠼ᠂ ᠮᠡᠳᠡᠭᠡᠯᠡᠯ ᠦᠨ ᠲᠧᠭᠨᠣᠯᠣᠭᠢ᠂ ᠺᠢᠪᠧᠷ ᠠᠶᠦᠯᠭᠦᠢ ᠪᠠᠶᠢᠳᠠᠯ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠨᠢ ᠵᠦᠢᠲᠡᠢ ᠭᠡᠳᠡᠭ ᠲᠦ ᠬᠣᠶᠠᠷ ᠣᠷᠣᠨ ᠤ ᠲᠥᠷᠥ ᠶᠢᠨ ᠲᠡᠷᠢᠭᠦᠨ ᠰᠠᠨᠠᠯ ᠨᠢᠭᠡᠳᠪᠡ᠃

ᠰᠡᠳᠬᠢᠭᠳᠡᠯ ᠦᠯᠡᠳᠡᠭᠡᠬᠦ