ᠤᠯᠠᠨ ᠤᠯᠤᠰ ᠤᠨ ᠤᠯᠢᠮᠫᠢᠺ ᠤᠨ ᠬᠤᠷᠢᠶ᠎ᠠ ᠲᠠᠯᠠᠷᠬᠠᠯ ᠢᠯᠡᠷᠬᠡᠢᠯᠡᠵᠡᠢ | News.MN

ᠤᠯᠠᠨ ᠤᠯᠤᠰ ᠤᠨ ᠤᠯᠢᠮᠫᠢᠺ ᠤᠨ ᠬᠤᠷᠢᠶ᠎ᠠ ᠲᠠᠯᠠᠷᠬᠠᠯ ᠢᠯᠡᠷᠬᠡᠢᠯᠡᠵᠡᠢ

ᠤᠯᠠᠨ ᠤᠯᠤᠰ ᠤᠨ ᠤᠯᠢᠮᠫᠢᠺ ᠤᠨ ᠬᠤᠷᠢᠶ᠎ᠠ ᠶᠢᠨ ᠶᠡᠷᠦᠩᠬᠡᠶᠢᠯᠡᠭᠴᠢ ᠲᠣᠮᠠᠰ ᠪᠠᠾ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠲᠠᠯᠠᠷᠬᠠᠯ ᠤᠨ ᠵᠠᠬᠢᠳᠠᠯ ᠢᠷᠡᠭᠦᠯᠪᠡ᠃ ᠤᠭ ᠵᠠᠬᠢᠳᠠᠯ ᠤᠨ ᠠᠯᠪᠠᠨ ᠪᠤᠰᠤ ᠣᠷᠴᠢᠭᠤᠯᠭ᠎ᠠ ᠶᠢ ᠰᠡᠶᠢᠷᠡᠭᠦᠯᠦᠨ ᠬᠦᠷᠭᠡᠶ᠎ᠡ᠄
ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠡᠷᠬᠢᠮᠰᠦᠭ ᠨᠣᠶᠠᠨ ᠭᠤᠮᠪᠤᠵᠠᠪ ᠤᠨ ᠽᠠᠨᠳᠠᠨᠰᠢᠲᠠᠷ᠎ᠠ ᠲᠠᠨ᠎ᠠ᠄ ᠲᠠᠨ ᠤ ᠢᠯᠡᠭᠡᠭᠰᠡᠨ ᠵᠠᠬᠢᠳᠠᠯ ᠢ ᠬᠦᠯᠢᠶᠡᠨ ᠠᠪᠴᠤ ᠲᠠᠭᠠᠲᠠᠶ᠎ᠠ ᠤᠩᠰᠢᠨ ᠲᠠᠨᠢᠯᠴᠠᠯ᠎ᠠ᠃ ᠶᠠᠭᠤᠨ ᠤ ᠡᠮᠦᠨ᠎ᠡ ᠲᠠᠨ ᠳᠤ ᠤᠯᠢᠮᠫᠢᠺ ᠤᠨ ᠬᠥᠳᠡᠯᠭᠡᠭᠡᠨ ᠢ ᠬᠦᠬᠢᠭᠦᠯᠦᠨ ᠳᠡᠮᠵᠢᠵᠦ᠂ ᠣᠶᠢᠷ᠎ᠠ ᠶᠢᠨ ᠦᠶ᠎ᠡ ᠳᠦ ᠡᠬᠡ ᠣᠷᠣᠨ ᠳᠤ ᠪᠠᠨ ᠤᠯᠠᠨ ᠤᠯᠤᠰ ᠤᠨ ᠤᠯᠢᠮᠫᠢᠺ ᠤᠨ ᠬᠤᠷᠢᠶ᠎ᠠ ᠶᠢᠨ ᠴᠢᠭᠤᠯᠭᠠᠨ ᠪᠣᠯᠤᠨ ᠵᠠᠯᠠᠭᠤᠴᠤᠳ ᠤᠨ ᠤᠯᠢᠮᠫᠢᠺ  ᠤᠨ ᠨᠠᠭᠠᠳᠤᠮ ᠢ ᠵᠣᠬᠢᠶᠠᠨ ᠪᠠᠶᠢᠭᠤᠯᠬᠤ ᠰᠤᠨᠢᠷᠬᠠᠯ ᠢᠶᠠᠨ ᠢᠯᠡᠷᠬᠡᠶᠢᠯᠡᠭᠰᠡᠨ ᠳᠦ ᠲᠠᠨᠢ ᠮᠢᠨᠦ ᠪᠡᠶ᠎ᠡ ᠲᠠᠯᠠᠷᠬᠠᠵᠤ ᠪᠠᠶᠢᠭ᠎ᠠ ᠶᠢ ᠮᠢᠨᠢ ᠬᠦᠯᠢᠶᠡᠨ ᠠᠪᠤᠨ᠎ᠠ ᠤᠤ᠃
ᠤᠯᠢᠮᠫᠢᠺ ᠦᠨ ᠶᠡᠬᠡ ᠭᠡᠷ ᠪᠦᠯᠢ ᠶᠢᠨ ᠣᠶᠢᠷ᠎ᠠ᠂ ᠬᠣᠯᠠ ᠶᠢᠨ ᠣᠯᠠᠨ ᠣᠷᠣᠯᠴᠠᠭᠴᠢᠳ ᠤᠨ ᠡᠪ ᠨᠢᠭᠡᠳᠦᠯ᠂ ᠳᠡᠮᠵᠢᠯᠭᠡ ᠲᠤᠰᠠᠯᠠᠯᠴᠠᠭ᠎ᠠ ᠲᠠᠢ ᠪᠠᠷ《ᠲᠤᠤᠺᠢᠤ᠋ -2020》ᠤᠯᠢᠮᠫᠢᠺ ᠤᠨ ᠨᠠᠭᠠᠳᠤᠮ ᠪᠡᠶᠡᠯᠡᠯ ᠢᠶᠡᠨ ᠣᠯᠵᠤ ᠪᠤᠢ ᠳᠤ ᠪᠠᠶᠠᠷ ᠲᠠᠢ ᠪᠠᠶᠢᠨ᠎ᠠ᠃ ᠡᠨᠡ  ᠬᠦᠨᠳᠦ ᠴᠠᠭ ᠦᠶ᠎ᠡ ᠳᠦ ᠤᠯᠢᠮᠫᠢᠺ ᠤᠨ ᠦᠵᠡᠯ ᠰᠠᠨᠠᠭ᠎ᠠ᠂ ᠤᠷᠢᠶ᠎ᠠ ᠳᠠᠭᠤᠳᠠᠯᠭ᠎ᠠ ᠶᠢᠨ ᠨᠢᠭᠡ ᠪᠣᠯᠤᠭᠰᠠᠨ 《ᠢᠲᠡᠭᠡᠯ ᠨᠠᠶᠢᠳᠠᠪᠤᠷᠢ》ᠭᠡᠰᠡᠨ ᠦᠵᠡᠯ ᠰᠠᠨᠠᠭ᠎ᠠ ᠢᠷᠡᠭᠡᠳᠦᠢ ᠳᠦ ᠤᠷᠢᠳᠤ ᠤᠷᠢᠳᠤ ᠠᠴᠠ ᠢᠯᠡᠭᠦᠦ ᠲᠡᠢ ᠴᠢᠬᠤᠯᠠ ᠭᠡᠳᠡᠭ ᠨᠢ ᠬᠠᠷᠠᠭᠳᠠᠵᠤ ᠪᠠᠶᠢᠨ᠎ᠠ᠃ ᠡᠶᠢᠮᠦ ᠳᠦ ᠪᠢ ᠢᠲᠡᠭᠡᠯ ᠨᠠᠶᠢᠳᠠᠪᠤᠷᠢ᠂ ᠡᠪ ᠨᠢᠭᠡᠳᠦᠯ᠂ ᠡᠩᠬᠡ ᠲᠠᠶᠢᠪᠤᠩ ᠭᠡᠰᠡᠨ ᠪᠢᠳᠡᠨ ᠦ ᠦᠵᠡᠯ ᠰᠠᠨᠠᠭ᠎ᠠ ᠶᠢ ᠲᠤᠤᠺᠢᠤ᠋ ᠬᠣᠲᠠ ᠠᠴᠠ ᠳᠡᠯᠡᠬᠡᠢ  ᠳ᠋ᠠᠬᠢᠨ ᠳᠤ ᠲᠦᠭᠡᠭᠡᠬᠦ ᠳᠦ ᠣᠨᠴᠠᠭᠠᠶᠢᠯᠠᠨ ᠳᠡᠮᠵᠢᠯᠭᠡ ᠲᠤᠰᠠᠯᠠᠯᠴᠠᠭ᠎ᠠ ᠦᠵᠡᠭᠦᠯᠦᠭᠰᠡᠨ ᠮᠣᠩᠭᠣᠯ ᠤᠨ ᠲᠠᠮᠢᠷᠴᠢᠳ᠂ ᠮᠣᠩᠭᠣᠯ ᠤᠨ ᠦᠨᠳᠦᠰᠦᠨ ᠦ ᠤᠯᠢᠮᠫᠢᠺ  ᠤᠨ ᠬᠣᠷᠢᠶ᠎ᠠ ᠳᠦ ᠴᠢᠩ ᠰᠡᠳᠬᠢᠯ ᠡᠴᠡ ᠪᠡᠨ ᠲᠠᠯᠠᠷᠬᠠᠯ ᠢᠶᠠᠨ ᠢᠯᠡᠷᠬᠡᠶᠢᠯᠡᠶ᠎ᠡ᠃ ᠤᠯᠢᠮᠫᠢᠺ  ᠤᠨ ᠬᠥᠳᠡᠯᠭᠡᠭᠡᠨ ᠢ ᠳᠡᠮᠵᠢᠵᠦ ᠪᠤᠢ ᠲᠠᠨ ᠳᠤ ᠳᠠᠬᠢᠨ ᠲᠠᠯᠠᠷᠬᠠᠵᠤ᠂ ᠭᠦᠨ ᠬᠦᠨᠳᠦᠳᠬᠡᠯ ᠦᠵᠡᠭᠦᠯᠵᠦ ᠪᠠᠶᠢᠭ᠎ᠠ ᠶᠢ ᠮᠢᠨᠢ ᠬᠦᠯᠢᠶᠡᠨ ᠠᠪᠤᠨ᠎ᠠ ᠤᠤ᠃

ᠰᠡᠳᠬᠢᠭᠳᠡᠯ ᠦᠯᠡᠳᠡᠭᠡᠬᠦ