ᠨᠡᠭᠦᠷᠡᠰᠦᠨ ᠦ ᠣᠯᠪᠤᠷᠢᠯᠠᠯᠲᠠ ᠨᠠᠢ᠌ᠮᠠᠳᠤᠭᠠᠷ ᠰᠠᠷ᠎ᠠ ᠳᠤ 64.47 ᠬᠤᠪᠢ ᠪᠠᠷ ᠪᠠᠭᠤᠷᠠᠵᠠᠢ | News.MN

ᠨᠡᠭᠦᠷᠡᠰᠦᠨ ᠦ ᠣᠯᠪᠤᠷᠢᠯᠠᠯᠲᠠ ᠨᠠᠢ᠌ᠮᠠᠳᠤᠭᠠᠷ ᠰᠠᠷ᠎ᠠ ᠳᠤ 64.47 ᠬᠤᠪᠢ ᠪᠠᠷ ᠪᠠᠭᠤᠷᠠᠵᠠᠢ

ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠤ ᠮᠡᠳᠡᠭᠡᠯᠡᠯ ᠢᠶᠡᠷ 2021 ᠣᠨ ᠤ ᠨᠠᠢ᠌ᠮᠠᠳᠤᠭᠠᠷ ᠰᠠᠷ᠎ᠠ ᠳᠤ ᠮᠣᠩᠭᠣᠯ ᠤᠯᠤᠰ ᠤᠨ ᠨᠡᠭᠦᠷᠡᠰᠦᠨ ᠦ ᠣᠯᠪᠤᠷᠢᠯᠠᠯᠲᠠ ᠪᠠᠭ᠎ᠠ ᠵᠡᠷᠭᠡ ᠰᠡᠷᠭᠦᠵᠦ 1.27 ᠰᠠᠶ᠎ᠠ ᠲᠣᠨ ᠳᠤ ᠬᠦᠷᠦᠭᠰᠡᠨ ᠪᠤᠯᠪᠠᠴᠤ᠂ ᠡᠮᠦᠨᠡᠬᠢ ᠣᠨ ᠤ ᠮᠥᠨ ᠦᠶ᠎ᠡ ᠡᠴᠡ 2.31 ᠰᠠᠶ᠎ᠠ ᠲᠣᠨ ᠢᠶᠠᠷ ᠪᠤᠶᠤ 64.47 ᠬᠤᠪᠢ ᠪᠠᠷ ᠪᠠᠭᠤᠷᠠᠭᠰᠠᠨ ᠪᠠᠶᠢᠨ᠎ᠠ᠃
ᠬᠢᠲᠠᠳ  ᠤᠨ ᠲᠠᠯ᠎ᠠ ᠭᠠᠭᠴᠠᠮᠤᠳᠤ ᠪᠣᠭᠣᠮᠲᠠ  ᠪᠠᠨ ᠶᠢᠰᠦᠳᠦᠭᠡᠷ ᠰᠠᠷ᠎ᠠ ᠶᠢᠨ 14  ᠳᠦ ᠡᠷᠭᠢᠨ ᠨᠡᠭᠡᠭᠡᠵᠦ᠂  ᠲᠤᠰ ᠡᠳᠦᠷ ᠨᠡᠭᠦᠷᠡᠰᠦ ᠲᠡᠭᠡᠭᠡᠪᠦᠷᠢ ᠶᠢᠨ 150 ᠮᠠᠰᠢᠨ ᠭᠠᠷᠤᠭᠰᠠᠨ᠃ ᠴᠢᠩᠭᠡᠯᠢᠭᠲᠦ ᠲᠡᠭᠡᠭᠡᠪᠦᠷᠢ ᠶᠢᠨ ᠲᠧᠷᠮᠢᠨᠠᠯ ᠢ ᠠᠰᠢᠭᠯᠠᠯᠲᠠ ᠳᠤ ᠤᠷᠤᠭᠤᠯᠬᠤ ᠠᠵᠢᠯ ᠤᠨ ᠬᠦᠷᠢᠶᠡᠨ ᠳᠦ ᠨᠡᠭᠦᠷᠡᠰᠦ ᠲᠡᠭᠡᠭᠡᠪᠦᠷᠢ ᠶᠢᠨ ᠲᠥᠯᠥᠪᠯᠡᠭᠡ ᠶᠢ ᠨᠠᠷᠢᠪᠴᠢᠯᠠᠨ ᠭᠠᠷᠭᠠᠵᠤ᠂ ᠭᠠᠶᠢᠯᠢ ᠶᠢᠨ ᠤᠷᠢᠳᠴᠢᠯᠠᠭᠰᠠᠨ ᠪᠦᠷᠢᠳᠦᠭᠦᠯᠦᠯᠲᠡ ᠬᠢᠬᠦ ᠠᠵᠢᠯ ᠢ ᠡᠨᠡ ᠰᠠᠷ᠎ᠠ ᠶᠢᠨ 23 ᠤ ᠳᠣᠲᠣᠷ᠎ᠠ ᠪᠠᠭᠲᠠᠭᠠᠨ ᠬᠢᠬᠦ ᠪᠡᠷ ᠠᠵᠢᠯᠯᠠᠵᠤ ᠪᠠᠶᠢᠭ᠎ᠠ ᠶᠢ ᠵᠠᠰᠠᠭ ᠤᠨ ᠭᠠᠵᠠᠷ ᠮᠡᠳᠡᠭᠡᠯᠡᠪᠡ᠃ ᠴᠢᠩᠭᠡᠯᠢᠭ ᠲᠡᠭᠡᠭᠡᠪᠦᠷᠢ ᠶᠢᠨ ᠲᠧᠷᠮᠢᠨᠠᠯ ᠨᠢ 24 ᠴᠠᠭ ᠤᠨ ᠲᠤᠷᠰᠢ ᠦᠢᠯᠡ ᠠᠵᠢᠯᠯᠠᠭ᠎ᠠ ᠶᠠᠪᠤᠭᠤᠯᠵᠤ᠂ ᠡᠳᠦᠷ ᠲᠦ 8100 ᠴᠢᠩᠭᠡᠯᠢᠭ ᠢᠶᠡᠷ ᠲᠡᠭᠡᠭᠡᠪᠦᠷᠢ ᠬᠢᠨ᠎ᠡ ᠭᠡᠵᠦ ᠲᠣᠭᠠᠴᠠᠭᠠᠯᠠᠵᠠᠢ᠃ ᠢᠩᠭᠢᠭᠰᠡᠨ ᠢᠶᠡᠷ ᠵᠢᠯ ᠳᠦ ᠨᠠᠢ᠌ᠮᠠᠨ ᠰᠠᠶ᠎ᠠ ᠲᠣᠨ ᠨᠡᠭᠦᠷᠡᠰᠦ ᠡᠺᠰᠫᠣᠷᠲᠯᠠᠬᠤ ᠶᠤᠮ᠃

ᠰᠡᠳᠬᠢᠭᠳᠡᠯ ᠦᠯᠡᠳᠡᠭᠡᠬᠦ