ᠰᠡᠴᠡ ᠶᠡᠷᠦᠩᠬᠡᠶᠢᠯᠡᠭᠴᠢ ᠶᠢᠨ ᠬᠦᠰᠡᠯᠲᠡ ᠶᠢ ᠬᠦᠯᠢᠶᠡᠨ ᠠᠪᠴᠠᠢ | News.MN

ᠰᠡᠴᠡ ᠶᠡᠷᠦᠩᠬᠡᠶᠢᠯᠡᠭᠴᠢ ᠶᠢᠨ ᠬᠦᠰᠡᠯᠲᠡ ᠶᠢ ᠬᠦᠯᠢᠶᠡᠨ ᠠᠪᠴᠠᠢ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠩᠭᠡᠷᠡᠭᠰᠡᠨ ᠬᠣᠶᠠᠳᠤᠭᠠᠷ ᠰᠠᠷ᠎ᠠ ᠶᠢᠨ ᠶᠢᠰᠦᠨ ᠳᠦ ᠦᠨᠳᠦᠰᠦᠨ ᠬᠠᠤᠯᠢ ᠶᠢᠨ ᠰᠡᠴᠡ ᠳᠦ︽ᠰᠢᠭᠦᠬᠦ ᠶᠢᠨ ᠲᠤᠬᠠᠢ︾ᠬᠠᠤᠯᠢ ᠪᠦᠬᠦᠯᠢ ᠳᠦ ᠪᠡᠨ ᠦᠨᠳᠦᠰᠦᠨ ᠬᠠᠤᠯᠢ ᠶᠢᠨ ᠬᠤᠯᠪᠤᠭᠳᠠᠬᠤ ᠵᠢᠭᠠᠯᠲᠠ ᠶᠢ ᠵᠥᠷᠢᠴᠡᠭᠰᠡᠨ ᠲᠤᠬᠠᠢ ᠬᠦᠰᠡᠯᠲᠡ ᠭᠠᠷᠭᠠᠵᠤ᠂ ᠲᠡᠭᠦᠨ ᠢ ᠨᠢ ᠰᠡᠴᠡ ᠳᠥᠷᠪᠡᠳᠦᠭᠡᠷ ᠰᠠᠷ᠎ᠠ ᠶᠢᠨ 28  ᠦ ᠬᠤᠷᠠᠯᠳᠤᠭᠠᠨ ᠢᠶᠠᠷ ᠢᠶᠠᠨ ᠬᠡᠯᠡᠯᠴᠡᠭᠡᠳ ︽ᠰᠢᠭᠦᠬᠦ ᠶᠢᠨ ᠲᠤᠬᠠᠢ︾ᠬᠠᠤᠯᠢ ᠶᠢᠨ ᠵᠠᠷᠢᠮ ᠵᠦᠢᠯ᠂ ᠵᠢᠭᠠᠯᠲᠠ ᠦᠨᠳᠦᠰᠦᠨ ᠬᠠᠤᠯᠢ ᠶᠢᠨ ᠬᠤᠯᠪᠤᠭᠳᠠᠬᠤ ᠵᠢᠭᠠᠯᠲᠠ ᠶᠢ ᠵᠥᠷᠢᠴᠡᠭᠰᠡᠨ ᠲᠤᠬᠠᠢ ᠳ᠋ᠦᠩᠨᠡᠯᠲᠡ ᠭᠠᠷᠤᠭᠰᠠᠨ ᠶᠤᠮ᠃ ᠡᠨᠡ ᠳ᠋ᠦᠩᠨᠡᠯᠲᠡ ᠶᠢ ᠤᠯᠤᠰ ᠤᠨ ᠶᠡᠬᠡ ᠬᠤᠷᠠᠯ ᠲᠠᠪᠤᠳᠤᠭᠠᠷ ᠰᠠᠷ᠎ᠠ ᠶᠢᠨ 6 ᠳᠦ ᠬᠦᠯᠢᠶᠡᠨ ᠠᠪᠬᠤ ᠠᠴᠠ ᠲᠠᠲᠠᠭᠠᠯᠵᠠᠭᠰᠠᠨ᠃ ᠠᠰᠠᠭᠤᠳᠠᠯ ᠢ ᠦᠨᠳᠦᠰᠦᠨ ᠬᠠᠤᠯᠢ ᠶᠢᠨ ᠰᠡᠴᠡ ᠶᠡᠬᠡ ᠰᠠᠭᠤᠳᠠᠯ ᠤᠨ ᠬᠤᠷᠠᠯᠳᠤᠭᠠᠨ ᠢᠶᠠᠷ ᠢᠶᠠᠨ ᠡᠴᠦᠰᠯᠡᠨ ᠰᠢᠢᠳᠪᠦᠷᠢᠯᠡᠬᠦ ᠬᠦᠷᠲᠡᠯ᠎ᠡ ᠰᠢᠭᠦᠬᠦ ᠶᠢᠨ ᠰᠢᠨᠡᠳᠬᠡᠯ ᠢ ᠬᠡᠷᠡᠭᠵᠢᠭᠦᠯᠬᠦ ᠶᠠᠪᠤᠴᠠ ᠭᠠᠴᠢᠭᠠᠨ ᠳᠤ ᠣᠷᠣᠭᠠᠳ ᠪᠠᠶᠢᠭ᠎ᠠ ᠶᠤᠮ᠃

ᠡᠶᠢᠮᠦ ᠡᠴᠡ ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠡᠮᠦᠨᠡᠬᠢ ᠶᠡᠷᠦᠩᠬᠡᠶᠢᠯᠡᠭᠴᠢ ᠶᠢᠨ ᠢᠶᠡᠨ ᠳᠡᠭᠡᠷᠡᠬᠢ ᠬᠦᠰᠡᠯᠲᠡ ᠡᠴᠡ ᠪᠦᠬᠦᠯᠢ ᠳᠦ ᠨᠢ ᠲᠠᠲᠠᠭᠠᠯᠵᠠᠬᠤ ᠬᠦᠰᠡᠯᠲᠡ ᠪᠡᠨ ᠦᠨᠳᠦᠰᠦᠨ ᠬᠠᠤᠯᠢ ᠶᠢᠨ ᠰᠡᠴᠡ ᠳᠦ ᠭᠠᠷᠭᠠᠭᠰᠠᠨ᠃ ᠦᠨᠳᠦᠰᠦᠨ ᠬᠠᠤᠯᠢ ᠶᠢᠨ ᠰᠡᠴᠡ ᠥᠨᠥᠳᠥᠷ ᠶᠡᠬᠡ ᠰᠠᠭᠤᠳᠠᠯ ᠤᠨ ᠬᠤᠷᠠᠯᠳᠤᠭᠠᠨ ᠢᠶᠠᠨ ᠬᠢᠵᠦ ᠬᠦᠰᠡᠯᠲᠡ ᠶᠢ ᠨᠢ  ᠬᠡᠯᠡᠯᠴᠡᠭᠡᠳ᠂  ᠰᠡᠴᠡ ᠶᠢᠨ ᠳᠤᠮᠳᠠ ᠰᠠᠭᠤᠳᠠᠯ ᠤᠨ ᠬᠤᠷᠠᠯᠳᠤᠭᠠᠨ ᠤ ᠰᠢᠢᠳᠪᠦᠷᠢ ᠪᠡᠨ ᠬᠦᠴᠦᠨ ᠦᠭᠡᠢ ᠪᠣᠯᠭᠠᠬᠤ ᠲᠤᠬᠠᠢ ᠰᠢᠢᠳᠪᠦᠷᠢ ᠭᠠᠷᠭᠠᠪᠠ᠃  ᠢᠩᠭᠢᠭᠰᠡᠨ ᠢᠶᠡᠷ︽ᠰᠢᠭᠦᠬᠦ ᠶᠢᠨ ᠲᠤᠬᠠᠢ︾ ᠬᠠᠤᠯᠢ ᠭᠠᠴᠢᠭᠠᠨ ᠠᠴᠠ ᠭᠠᠷᠴᠤ ᠬᠦᠴᠦᠨ ᠲᠡᠭᠦᠯᠳᠡᠷ ᠦᠢᠯᠡᠴᠢᠯᠡᠵᠦ ᠡᠬᠢᠯᠡᠪᠡ

ᠰᠡᠳᠬᠢᠭᠳᠡᠯ ᠦᠯᠡᠳᠡᠭᠡᠬᠦ