ᠥᠰᠪᠦᠷᠢ ᠶᠢᠨ ᠰᠢᠲᠠᠷᠠᠴᠢᠳ ᠤᠨ ᠪᠡᠯᠡᠳᠬᠡᠯ ᠰᠤᠷᠭᠠᠯᠲᠠ ᠶᠢ ᠳᠡᠮᠵᠢᠬᠦ ᠬᠥᠲᠥᠯᠪᠦᠷᠢ ᠬᠡᠷᠡᠭᠵᠢᠨ᠎ᠡ | News.MN

ᠥᠰᠪᠦᠷᠢ ᠶᠢᠨ ᠰᠢᠲᠠᠷᠠᠴᠢᠳ ᠤᠨ ᠪᠡᠯᠡᠳᠬᠡᠯ ᠰᠤᠷᠭᠠᠯᠲᠠ ᠶᠢ ᠳᠡᠮᠵᠢᠬᠦ ᠬᠥᠲᠥᠯᠪᠦᠷᠢ ᠬᠡᠷᠡᠭᠵᠢᠨ᠎ᠡ

ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠤᠳᠤᠷᠢᠳᠬᠤ ᠵᠥᠪᠯᠡᠯ ᠦᠨ ᠰᠠᠨᠠᠭᠠᠴᠢᠯᠠᠭ᠎ᠠ ᠪᠠᠷ ᠳᠡᠯᠡᠬᠡᠢ ᠶᠢᠨ ᠰᠢᠲᠠᠷ᠎ᠠ ᠶᠢᠨ ᠬᠣᠯᠪᠣᠭ᠎ᠠ  ᠶᠢᠨ ᠬᠦᠲᠦᠯᠪᠤᠷᠢ ᠳᠤ ᠪᠠᠭᠲᠠᠭᠰᠠᠨ ᠣᠯᠠᠨ ᠤᠯᠤᠰ ᠤᠨ ᠲᠡᠮᠡᠴᠡᠭᠡᠨ ᠨᠦᠭᠦᠳ ᠲᠦ ᠠᠮᠵᠢᠯᠲᠠ ᠲᠠᠢ ᠣᠷᠣᠯᠴᠠᠪᠠᠯ ᠳᠡᠮᠵᠢᠯᠭᠡ ᠦᠵᠡᠭᠦᠯᠬᠦ ᠪᠡᠷ ᠪᠣᠯᠵᠠᠢ᠃  ᠵᠢᠱᠢᠶᠡᠯᠡᠪᠡᠯ ᠡᠬᠢᠨ ᠦ ᠭᠤᠷᠪᠠᠨ ᠪᠠᠶᠢᠷᠢ ᠳᠤ ᠰᠢᠯᠭᠠᠷᠠᠭᠰᠠᠨ ᠰᠢᠲᠠᠷᠠᠴᠢᠳ  ᠮᠣᠩᠭᠣᠯ ᠤᠨ ᠰᠢᠯᠢᠳᠡᠭ ᠳᠠᠰᠬᠠᠯᠵᠢᠭᠤᠯᠤᠭᠴᠢ ᠪᠣᠯᠤᠨ ᠶᠡᠬᠡ ᠮᠠᠰᠲ᠋ᠸᠷ ᠂ ᠰᠢᠯᠢᠳᠡᠭ ᠰᠢᠲᠠᠷᠠᠴᠢᠳ ᠠᠴᠠ ᠦᠨ᠎ᠡ ᠲᠥᠯᠦᠪᠦᠷᠢ ᠦᠭᠡᠢ ᠴᠠᠬᠢᠮ ᠬᠢᠴᠢᠶᠡᠯ ᠠᠪᠬᠤ᠂ ᠵᠡᠷᠭᠡ ᠲᠣᠭᠯᠠᠯᠲᠠ ᠳᠤ ᠤᠷᠤᠯᠴᠠᠬᠤ ᠪᠣᠯᠤᠨ ᠰᠤᠷᠭᠠᠯᠲᠠ ᠶᠢᠨ ᠮᠠᠲ᠋ᠧᠷᠢᠶᠠᠯ ᠠᠰᠢᠭᠯᠠᠬᠤ ᠵᠡᠷᠭᠡ ᠪᠡᠷ ᠪᠡᠯᠡᠳᠬᠡᠯ ᠳᠦ ᠨᠢ ᠳᠡᠮᠵᠢᠯᠭᠡ ᠦᠵᠡᠭᠦᠯᠬᠦ《ᠢᠷᠡᠭᠡᠳᠦᠢ ᠳᠦ ᠬᠠᠮᠲᠤ ᠳᠤ ᠪᠠᠨ》 ᠬᠥᠲᠥᠯᠪᠦᠷᠢ ᠶᠢ ᠬᠡᠷᠡᠭᠵᠢᠭᠦᠯᠬᠦ ᠪᠡᠷ ᠪᠣᠯᠤᠭᠰᠠᠨ ᠪᠠᠶᠢᠨ᠎ᠠ᠃
ᠡᠨᠡ ᠬᠦ ᠬᠥᠲᠥᠯᠪᠦᠷᠢ ᠨᠢ ᠡᠬᠡ ᠣᠷᠣᠨ ᠤ ᠪᠠᠨ ᠨᠡᠷ᠎ᠡ ᠶᠢ ᠲᠢᠪ ᠳᠡᠯᠡᠬᠡᠢ ᠶᠢᠨ ᠲᠠᠪᠴᠠᠩ ᠳᠤ ᠥᠨᠳᠥᠷ ᠲᠦ ᠡᠷᠭᠦᠵᠦ ᠪᠤᠢ ᠥᠰᠪᠦᠷᠢ ᠶᠢᠨ  ᠰᠢᠲᠠᠷᠠᠴᠢᠳ ᠢᠶᠠᠨ ᠳᠡᠮᠵᠢᠬᠦ᠂ ᠤᠷᠮ᠎ᠠ ᠵᠣᠷᠢᠭ ᠥᠭᠬᠦ ᠵᠣᠷᠢᠯᠭ᠎ᠠ ᠲᠠᠢ ᠶᠤᠮ᠃ ᠮᠥᠨ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠰᠢᠨ᠎ᠡ ᠤᠳᠤᠷᠢᠳᠤᠯᠭ᠎ᠠ ᠨᠠᠷ ᠤᠨ ᠥᠰᠪᠦᠷᠢ ᠶᠢᠨ ᠰᠢᠲᠠᠷᠠᠴᠢᠳ ᠤᠨ ᠬᠦᠷᠢᠶᠡᠨ ᠳᠦ ᠭᠠᠷᠭᠠᠵᠤ ᠪᠤᠢ ᠡᠬᠢᠨ ᠦ ᠠᠯᠬᠤᠮ ᠪᠣᠯᠬᠤ ᠶᠤᠮ᠃

ᠰᠡᠳᠬᠢᠭᠳᠡᠯ ᠦᠯᠡᠳᠡᠭᠡᠬᠦ