ᠪ ∙ ᠪᠠᠲᠤᠴᠡᠴᠡᠭ ᠡᠮᠡᠭᠲᠡᠢ ᠭᠠᠳᠠᠭᠠᠳᠤ ᠬᠡᠷᠡᠭ ᠦᠨ ᠰᠠᠶᠢᠳ ᠨᠠᠷ ᠤᠨ ᠠᠭᠤᠯᠵᠠᠯᠲᠠ ᠳᠤ ᠤᠷᠤᠯᠴᠠᠪᠠ | News.MN

ᠪ ∙ ᠪᠠᠲᠤᠴᠡᠴᠡᠭ ᠡᠮᠡᠭᠲᠡᠢ ᠭᠠᠳᠠᠭᠠᠳᠤ ᠬᠡᠷᠡᠭ ᠦᠨ ᠰᠠᠶᠢᠳ ᠨᠠᠷ ᠤᠨ ᠠᠭᠤᠯᠵᠠᠯᠲᠠ ᠳᠤ ᠤᠷᠤᠯᠴᠠᠪᠠ

ᠭᠠᠳᠠᠭᠠᠳᠤ ᠬᠠᠷᠢᠯᠴᠠᠭᠠᠨ ᠤ ᠶᠠᠮᠤᠨ ᠤ ᠰᠠᠶᠢᠳ ᠪ∙ᠪᠠᠲᠤᠴᠡᠴᠡᠭ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 76 ᠳ᠋ᠤᠭᠠᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠤᠷᠤᠯᠴᠠᠬᠤ ᠦᠶ᠎ᠡ ᠪᠡᠷ ᠢᠶᠡᠨ ᠡᠮᠡᠭᠲᠡᠢ ᠭᠠᠳᠠᠭᠠᠳᠤ ᠬᠡᠷᠡᠭ ᠦᠨ ᠰᠠᠶᠢᠳ ᠨᠠᠷ ᠤᠨ ᠠᠭᠤᠯᠵᠠᠯᠲᠠ ᠳᠤ ᠤᠷᠤᠯᠴᠠᠪᠠ᠃ ᠡᠨᠡ ᠬᠦ ᠠᠭᠤᠯᠵᠠᠯᠲᠠ ᠳᠤ ᠳᠡᠯᠡᠬᠡᠢ ᠶᠢᠨ ᠡᠮᠡᠭᠲᠡᠢ ᠭᠠᠳᠠᠭᠠᠳᠤ ᠬᠡᠷᠡᠭ ᠦᠨ ᠰᠠᠶᠢᠳ ᠨᠠᠷ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠣᠷᠣᠯᠠᠭᠴᠢ ᠶᠡᠷᠦᠩᠬᠡᠢ ᠨᠠᠷᠢᠨ ᠪᠢᠴᠢᠭ ᠦᠨ ᠳᠠᠷᠤᠭ᠎ᠠ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠡᠮᠡᠭᠲᠡᠶᠢᠴᠦᠳ ᠪᠠᠶᠢᠭᠤᠯᠤᠯᠭ᠎ᠠ ᠶᠢᠨ ᠭᠦᠢᠴᠡᠳᠭᠡᠬᠦ ᠵᠠᠬᠢᠷᠤᠯ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠤᠯᠤᠰ ᠲᠥᠷᠥ᠂ ᠡᠩᠬᠡ ᠶᠢ ᠴᠤᠭᠴᠠᠯᠠᠬᠤ ᠠᠰᠠᠭᠤᠳᠠᠯ ᠡᠷᠬᠢᠯᠡᠭᠰᠡᠨ ᠲᠤᠰᠠᠯᠠᠬᠤ ᠨᠠᠷᠢᠨ ᠪᠢᠴᠢᠭ ᠦᠨ ᠳᠠᠷᠤᠭ᠎ᠠ᠂ ᠬᠡᠦᠬᠡᠳ ᠪᠣᠯᠤᠨ ᠵᠡᠪᠰᠡᠭᠲᠦ ᠮᠥᠷᠭᠥᠯᠳᠦᠭᠡᠨ ᠦ ᠠᠰᠠᠭᠤᠳᠠᠯ ᠡᠷᠬᠢᠯᠡᠭᠰᠡᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠲᠤᠰᠬᠠᠢ ᠲᠥᠯᠥᠭᠡᠯᠡᠭᠴᠢ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠮᠦᠨ ᠦ ᠳᠠᠷᠬᠠᠯᠠᠯ ᠬᠣᠮᠰᠠᠳᠠᠯ ᠤᠨ ᠸᠢᠷᠦ᠋ᠰ ᠤᠨ ᠬᠠᠮᠲᠤᠷᠠᠭᠰᠠᠨ ᠬᠥᠲᠥᠯᠪᠦᠷᠢ ᠶᠢᠨ ᠵᠠᠬᠢᠷᠤᠯ ᠵᠡᠷᠭᠡ ᠳᠡᠯᠡᠬᠡᠢ ᠶᠢᠨ ᠭᠠᠳᠠᠭᠠᠳᠤ ᠪᠣᠳᠣᠯᠭ᠎ᠠ ᠶᠢ ᠲᠣᠳᠣᠷᠬᠠᠶᠢᠯᠠᠬᠤ ᠣᠯᠠᠨ ᠤᠯᠤᠰ ᠤᠨ ᠬᠠᠮᠲᠤ ᠶᠢᠨ ᠨᠡᠶᠢᠭᠡᠮᠯᠢᠭ ᠦᠨ ᠦᠢᠯᠡ ᠬᠡᠷᠡᠭ ᠲᠦ ᠬᠦᠴᠦᠨ ᠵᠢᠳᠬᠦᠵᠦ ᠪᠤᠢ ᠮᠠᠩᠯᠠᠶᠢᠯᠠᠭᠴᠢ ᠡᠮᠡᠭᠲᠡᠶᠢᠴᠦᠳ ᠣᠷᠣᠯᠴᠠᠭᠰᠠᠨ ᠪᠠᠶᠢᠨ᠎ᠠ᠃ ᠲᠡᠳᠡ ᠥᠬᠢᠳ᠂ ᠡᠮᠡᠭᠲᠡᠶᠢᠴᠦᠳ ᠦᠨ ᠡᠷᠬᠡ᠂ ᠲᠡᠭᠰᠢ ᠣᠷᠣᠯᠴᠠᠭ᠎ᠠ᠂ ᠴᠠᠷ᠎ᠠ ᠲᠠᠬᠤᠯ ᠤᠨ ᠳᠠᠷᠠᠭᠠᠬᠢ ᠳᠡᠯᠡᠬᠡᠢ ᠳ᠋ᠠᠬᠢᠨ ᠤ ᠨᠥᠬᠥᠴᠡᠯ ᠪᠠᠶᠢᠳᠠᠯ ᠪᠣᠯᠤᠨ ᠪᠤᠰᠤᠳ ᠲᠤᠯᠭᠠᠮᠳᠠᠵᠤ ᠪᠤᠢ ᠣᠯᠠᠨ ᠠᠰᠠᠭᠤᠳᠠᠯ ᠢᠶᠠᠷ ᠰᠠᠨᠠᠯ ᠪᠣᠳᠣᠯ᠂ ᠲᠤᠷᠰᠢᠯᠭ᠎ᠠ ᠪᠠᠨ ᠰᠣᠯᠢᠯᠴᠠᠭᠰᠠᠨ ᠪᠠᠶᠢᠨ᠎ᠠ᠃
ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠭᠡᠰᠢᠭᠦᠨ 193 ᠤᠯᠤᠰ ᠠᠴᠠ 34 ᠤᠯᠤᠰ ᠨᠢ ᠡᠮᠡᠭᠲᠡᠢ ᠭᠠᠳᠠᠭᠠᠳᠤ ᠬᠡᠷᠡᠭ ᠦᠨ ᠰᠠᠶᠢᠳ ᠲᠠᠢ ᠪᠥᠭᠡᠳ ᠡᠨᠡ ᠤᠳᠠᠭ᠎ᠠ ᠶᠢᠨ ᠠᠭᠤᠯᠵᠠᠯᠲᠠ ᠳᠤ 21 ᠣᠷᠣᠨ ᠤ ᠰᠠᠶᠢᠳ ᠣᠷᠣᠯᠴᠠᠵᠠᠢ᠃

ᠰᠡᠳᠬᠢᠭᠳᠡᠯ ᠦᠯᠡᠳᠡᠭᠡᠬᠦ