MONGOL MADE ᠬᠤᠳᠠᠯᠳᠤᠭᠠᠨ ᠳᠤ ᠭᠠᠷᠤᠯ᠎ᠠ | News.MN

MONGOL MADE ᠬᠤᠳᠠᠯᠳᠤᠭᠠᠨ ᠳᠤ ᠭᠠᠷᠤᠯ᠎ᠠ

ᠮᠢᠩᠭᠠᠨ ᠡᠮᠡᠭᠲᠡᠢ ᠶᠢ ᠠᠵᠢᠯ ᠤᠨ ᠪᠠᠶᠢᠷᠢ ᠪᠠᠷ ᠬᠠᠩᠭᠠᠵᠤ᠂ ᠮᠣᠩᠭᠣᠯ ᠤᠨ ᠰᠠᠪᠤᠩ ᠤᠨ ᠬᠡᠷᠡᠭᠴᠡᠭᠡᠨ ᠦ 50ᠬᠤᠪᠢ ᠶᠢ ᠳᠣᠲᠣᠭᠠᠳᠤ ᠳᠤ ᠪᠠᠨ ᠦᠢᠯᠡᠳᠪᠦᠷᠢᠯᠡᠬᠦ ᠵᠣᠷᠢᠯᠭ᠎ᠠ ᠲᠠᠢ Mongol Made ᠲᠥᠰᠥᠯ 2021 ᠣᠨ ᠤ ᠭᠤᠷᠪᠠᠳᠤᠭᠠᠷ ᠰᠠᠷ᠎ᠠ ᠳᠤ ᠡᠬᠢᠯᠡᠵᠦ᠂ ᠥᠩᠭᠡᠷᠡᠭᠰᠡᠨ  ᠳᠤᠯᠤᠭᠠᠨ ᠬᠣᠨᠣᠭ ᠲᠤ ᠠᠬᠤᠢ ᠶᠢᠨ ᠬᠡᠷᠡᠭᠯᠡᠭᠡ᠂ ᠠᠷᠠᠰᠤ ᠠᠷᠠᠴᠢᠯᠠᠭ᠎ᠠ᠂ ᠠᠷᠢᠭᠤᠨ ᠴᠡᠪᠡᠷ ᠭᠡᠰᠡᠨ 3 ᠲᠥᠷᠥᠯ ᠳᠦ 20 ᠣᠷᠴᠢᠮ ᠲᠥᠷᠥᠯ ᠦᠨ ᠪᠦᠲᠦᠭᠡᠭᠳᠡᠬᠦᠨ ᠬᠤᠳᠠᠯᠳᠤᠭᠠᠨ ᠳᠤ ᠭᠠᠷᠭᠠᠯ᠎ᠠ᠃

ᠮᠣᠩᠭᠣᠯ ᠡᠷᠳᠡᠮᠲᠡᠳ ᠦᠨ ᠣᠯᠠᠨ ᠵᠢᠯ ᠦᠨ ᠰᠤᠳᠤᠯᠭᠠᠨ ᠳᠤ ᠰᠠᠭᠤᠷᠢᠯᠠᠭᠰᠠᠨ ᠪᠦᠲᠦᠭᠡᠯ ᠦᠳ ᠢ ᠬᠡᠷᠡᠭᠯᠡᠭᠡᠨ ᠳᠦ ᠨᠡᠪᠲᠡᠷᠡᠭᠦᠯᠵᠦ᠂ ᠮᠠᠯ ᠤᠨ ᠥᠭᠡᠬᠦ ᠲᠣᠰᠣ ᠶᠢ ᠥᠨᠳᠥᠷ ᠲᠦᠪᠰᠢᠨ ᠳᠦ ᠴᠡᠪᠡᠷᠰᠢᠭᠦᠯᠵᠦ᠂ ᠮᠣᠩᠭᠣᠯ ᠣᠷᠣᠨ ᠤ ᠭᠠᠶᠢᠬᠠᠮᠰᠢᠭᠲᠤ ᠰᠢᠮ᠎ᠡ ᠲᠡᠵᠢᠭᠡᠯ ᠪᠦᠬᠦᠢ ᠡᠪᠡᠰᠦ ᠤᠷᠭᠤᠮᠠᠯ ᠢ ᠪᠠᠭᠲᠠᠭᠠᠭᠰᠠᠨ ᠡᠷᠡᠭᠦᠯ᠂ ᠣᠷᠭᠠᠨᠢᠭ ᠪᠦᠲᠦᠭᠡᠭᠳᠡᠬᠦᠨ ᠨᠦᠭᠦᠳ ᠬᠡᠷᠡᠭᠯᠡᠭᠡᠨ ᠳᠦ ᠨᠡᠪᠲᠡᠷᠡᠭᠰᠡᠨ ᠢᠶᠡᠷ ᠠᠵᠢᠯ ᠤᠨ ᠪᠠᠶᠢᠷᠢ ᠣᠯᠠᠨ ᠢᠶᠠᠷ ᠪᠤᠢ ᠪᠣᠯᠵᠤ᠂ ᠪᠠᠶᠢᠭᠠᠯᠢ ᠳᠤ ᠶᠡᠬᠡ ᠪᠡᠷ ᠬᠠᠶᠠᠭᠳᠠᠳᠠᠭ ᠥᠭᠡᠬᠦ ᠲᠣᠰᠤᠨ ᠤ ᠬᠠᠶᠠᠭᠳᠠᠯ ᠪᠠᠭᠤᠷᠠᠵᠤ᠂ ᠠᠷᠠᠰᠤ ᠪᠠᠷ ᠢᠶᠠᠨ ᠠᠪᠴᠤ ᠪᠣᠯᠬᠤ ᠠᠮᠢᠨ ᠳᠡᠮ ᠦᠨ ᠬᠡᠷᠡᠭᠯᠡᠭᠡ ᠶᠢ ᠨᠡᠮᠡᠭᠳᠡᠭᠦᠯᠬᠦ ᠵᠠᠮ ᠢᠶᠠᠷ ᠬᠦᠮᠦᠨ ᠠᠷᠠᠳ ᠤᠨ ᠡᠷᠡᠭᠦᠯ ᠮᠡᠨᠳᠦ ᠳᠦ ᠡᠶᠡᠷᠭᠦ ᠨᠥᠯᠥᠭᠡ ᠦᠵᠡᠭᠦᠯᠬᠦ ᠨᠡᠶᠢᠭᠡᠮ ᠤᠨ ᠣᠯᠠᠨ ᠲᠠᠯᠠᠲᠤ ᠠᠴᠢ ᠬᠣᠯᠪᠣᠭᠳᠠᠯ ᠤᠳ ᠢ ᠳᠤᠷᠠᠳᠴᠤ ᠪᠣᠯᠬᠣᠷ ᠪᠠᠶᠢᠨ᠎ᠠ᠃
ᠭᠠᠩᠭ᠎ᠠ ᠡᠪᠡᠰᠦ ᠲᠠᠢ ᠠᠶᠠᠭ᠎ᠠ ᠲᠠᠪᠠᠭ ᠤᠭᠢᠶᠠᠭᠴᠢ᠂ ᠪᠠᠭᠪᠠᠬᠠᠢ ᠴᠡᠴᠡᠭ ᠲᠠᠢ ᠰᠠᠪᠤᠩ᠂ ᠶᠠᠳᠠᠷᠠᠭ᠎ᠠ ᠲᠠᠶᠢᠯᠬᠤ ᠠᠳᠤᠭᠤᠨ ᠤ ᠲᠤᠰᠤ ᠴᠢᠴᠠᠷᠭᠠᠨ᠎ᠠ ᠲᠠᠢ ᠭᠠᠷ ᠤᠨ ᠰᠢᠩᠭᠡᠨ ᠰᠠᠪᠤᠩ ᠭᠡᠬᠦ ᠮᠡᠲᠦ ᠮᠣᠩᠭᠣᠯ ᠣᠷᠭᠠᠨᠢᠭ ᠣᠷᠣᠴᠠ ᠨᠠᠶᠢᠷᠠᠯᠭ᠎ᠠ ᠳᠤ ᠲᠤᠯᠭᠠᠭᠤᠷᠢᠯᠠᠨ ᠪᠦᠲᠦᠭᠡᠭᠳᠡᠬᠦᠨ ᠨᠦᠭᠦᠳ ᠦᠢᠯᠡᠳᠪᠤᠷᠢᠯᠡᠭᠰᠡᠨ ᠨᠢ ᠪᠠᠢᠭᠠᠯᠢ ᠶᠢᠨ ᠴᠡᠪᠡᠷ ᠪᠦᠲᠦᠭᠡᠭᠳᠡᠬᠦᠨ ᠬᠡᠷᠡᠭᠯᠡᠬᠦ ᠪᠢᠳᠡᠨ ᠦ ᠪᠣᠯᠤᠮᠵᠢ ᠶᠢ ᠨᠡᠮᠡᠭᠳᠡᠭᠦᠯᠵᠦ᠂ ᠢᠮᠫᠣᠷᠲ ᠢ ᠣᠷᠣᠯᠠᠵᠤ᠂ ᠦᠨᠳᠦᠰᠦᠨ ᠦ ᠪᠦᠲᠦᠭᠡᠮᠵᠢ ᠶᠢ ᠨᠡᠮᠡᠭᠳᠡᠭᠦᠯᠵᠦ ᠪᠠᠶᠢᠨ᠎ᠠ᠃

 

ᠰᠡᠳᠬᠢᠭᠳᠡᠯ ᠦᠯᠡᠳᠡᠭᠡᠬᠦ