ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ᠢ ᠳᠠᠷᠬᠠᠨ-ᠠᠭᠤᠯᠠ ᠠᠶᠢᠮᠠᠭ ᠲᠤ ᠨᠡᠭᠡᠭᠡᠯ᠎ᠡ | News.MN

ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ᠢ ᠳᠠᠷᠬᠠᠨ-ᠠᠭᠤᠯᠠ ᠠᠶᠢᠮᠠᠭ ᠲᠤ ᠨᠡᠭᠡᠭᠡᠯ᠎ᠡ

ᠳᠠᠷᠬᠠᠨ-ᠠᠭᠤᠯᠠ ᠠᠶᠢᠮᠠᠭ ᠤᠨ《ᠵᠠᠯᠠᠭᠤᠴᠤᠳ ᠤᠨ ᠬᠥᠭᠵᠢᠯ ᠦᠨ ᠲᠥᠪ》 ᠲᠤ ᠠᠮᠧᠷᠢᠺᠠ ᠶᠢᠨ ᠰᠣᠶᠣᠯ ᠮᠡᠳᠡᠭᠡᠯᠡᠯ ᠦᠨ ᠲᠥᠪ ᠦᠢᠯᠡ ᠠᠵᠢᠯᠯᠠᠭ᠎ᠠ ᠪᠠᠨ ᠡᠬᠢᠯᠡᠭᠦᠯᠦᠯ᠎ᠡ᠃ ᠡᠨᠡ ᠬᠦ ᠲᠥᠪ ᠨᠡᠭᠡᠭᠡᠭᠳᠡᠭᠰᠡᠨ ᠢᠶᠡᠷ ᠵᠠᠯᠠᠭᠤᠴᠤᠳ ᠲᠤᠬᠠᠢ ᠶᠢᠨ ᠤᠯᠤᠰ ᠤᠨ ᠲᠠᠯᠠᠭᠠᠷᠬᠢ ᠪᠦᠬᠦᠢ ᠯᠠ ᠮᠡᠳᠡᠭᠡ ᠮᠡᠳᠡᠭᠡᠯᠡᠯ ᠢ ᠠᠪᠴᠤ᠂ ᠠᠩᠭᠯᠢ ᠬᠡᠯᠡᠨ ᠦ ᠰᠤᠷᠭᠠᠯᠲᠠ᠂ ᠠᠩᠭᠯᠢ ᠬᠡᠯᠡ ᠳᠡᠭᠡᠷᠡᠬᠢ ᠨᠣᠮ ᠤᠨ ᠰᠠᠩ᠂ ᠢᠨᠲᠸᠷᠨᠧᠲ ᠦᠨ ᠦᠢᠯᠡᠴᠢᠯᠡᠭᠡ᠂ ᠶᠡᠬᠡ ᠳᠡᠭᠡᠳᠦ ᠰᠤᠷᠭᠠᠭᠤᠯᠢ ᠨᠤᠭᠤᠳ ᠤᠨ ᠡᠯᠰᠡᠯᠲᠡ᠂ ᠲᠡᠳᠭᠦᠯᠭᠡᠲᠦ ᠬᠥᠲᠦᠯᠪᠦᠷᠢ ᠨᠦᠭᠦᠳ ᠦᠨ ᠲᠠᠯ᠎ᠠ ᠪᠠᠷ ᠵᠦᠪᠯᠡᠯᠭᠡ ᠮᠡᠳᠡᠭᠡᠯᠡᠯ ᠢ ᠨᠢᠭᠡ ᠳᠣᠣᠷ᠎ᠠ ᠠᠴᠠ ᠦᠨ᠎ᠡ ᠲᠥᠯᠦᠪᠦᠷᠢ ᠦᠭᠡᠢ ᠠᠪᠬᠤ ᠶᠤᠮ᠃
ᠮᠣᠩᠭᠣᠯ ᠤᠯᠤᠰ ᠤᠨ ᠬᠤᠷᠢᠨ ᠨᠢᠭᠡᠨ ᠠᠶᠢᠮᠠᠭ ᠠᠴᠠ ᠳᠠᠷᠬᠠᠨ-ᠠᠭᠤᠯᠠ ᠠᠶᠢᠮᠠᠭ ᠢ ᠰᠣᠩᠭᠣᠨ ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ᠢ ᠠᠮᠧᠷᠢᠺᠠ ᠶᠢᠨ ᠲᠥᠷᠥ ᠶᠢᠨ ᠳ᠋ᠸᠫᠠᠷᠲᠮᠸᠨᠲ ᠤᠨ ᠪᠣᠯᠪᠠᠰᠤᠷᠠᠯ᠂ ᠰᠤᠶᠤᠯ ᠤᠨ ᠠᠰᠠᠭᠤᠳᠠᠯ ᠡᠷᠬᠢᠯᠡᠭᠰᠡᠨ ᠲᠣᠪᠴᠢᠶᠠᠨ ᠠᠴᠠ  ᠰᠠᠩᠬᠦᠦᠵᠢᠭᠦᠯᠦᠨ ᠪᠠᠶᠢᠭᠤᠯᠵᠠᠢ᠃

ᠰᠡᠳᠬᠢᠭᠳᠡᠯ ᠦᠯᠡᠳᠡᠭᠡᠬᠦ