《ᠠᠬᠠᠮᠠᠳ ᠤᠨ ᠬᠥᠭᠵᠢᠯ ᠦᠨ ᠲᠥᠪ》 ᠢ ᠠᠩᠬ᠎ᠠ ᠤᠳᠠᠭ᠎ᠠ ᠣᠷᠣᠨ ᠨᠤᠲᠤᠭ ᠲᠤ ᠨᠡᠭᠡᠭᠡᠯ᠎ᠡ | News.MN

《ᠠᠬᠠᠮᠠᠳ ᠤᠨ ᠬᠥᠭᠵᠢᠯ ᠦᠨ ᠲᠥᠪ》 ᠢ ᠠᠩᠬ᠎ᠠ ᠤᠳᠠᠭ᠎ᠠ ᠣᠷᠣᠨ ᠨᠤᠲᠤᠭ ᠲᠤ ᠨᠡᠭᠡᠭᠡᠯ᠎ᠡ

ᠬᠤᠷᠢᠨ ᠨᠢᠭᠡᠨ ᠠᠶᠢᠮᠠᠭ ᠠᠴᠠ ᠠᠩᠬ᠎ᠠ ᠤᠳᠠᠭ᠎ᠠ ᠳᠠᠷᠬᠠᠨ-ᠠᠭᠤᠯᠠ ᠠᠶᠢᠮᠠᠭ ᠲᠤ ᠠᠬᠠᠮᠠᠳ ᠨᠠᠰᠤᠲᠠᠨ ᠤ ᠠᠰᠠᠷᠠᠮᠵᠢ᠂ ᠬᠠᠯᠠᠮᠵᠢ᠂ ᠡᠷᠡᠭᠦᠯ ᠮᠡᠨᠳᠦ ᠶᠢᠨ ᠦᠢᠯᠡᠴᠢᠯᠡᠭᠡ ᠦᠵᠡᠭᠦᠯᠬᠦ 《ᠠᠬᠠᠮᠠᠳ ᠤᠨ ᠬᠥᠭᠵᠢᠯ ᠦᠨ ᠲᠥᠪ》 ᠨᠡᠭᠡᠭᠡᠯᠲᠡ ᠪᠡᠨ ᠬᠢᠯ᠎ᠡ᠃ ᠴᠠᠷ᠎ᠠ ᠲᠠᠬᠤᠯ ᠠᠴᠠ ᠰᠢᠯᠲᠠᠭᠠᠯᠠᠨ ᠦᠢᠯᠡ ᠠᠵᠢᠯᠯᠠᠭ᠎ᠠ ᠪᠠᠨ ᠶᠠᠪᠤᠭᠤᠯᠬᠤ ᠪᠣᠯᠤᠮᠵᠢ ᠪᠦᠲᠦᠨ ᠵᠢᠯ ᠢᠶᠡᠷ ᠬᠣᠶᠢᠰᠢᠯᠠᠭᠰᠠᠨ ᠶᠤᠮ᠃ ᠤᠯᠤᠰ ᠤᠨ ᠲᠥᠰᠥᠪ ᠦᠨ 2.1 ᠲᠡᠷᠪᠤᠮ ᠲᠥᠭᠥᠷᠢᠭ ᠦᠨ  ᠰᠠᠩᠬᠦᠦᠵᠢᠯᠲᠡ ᠪᠡᠷ 《ᠳᠣᠷᠣᠨ᠎ᠠ ᠶᠢᠨ ᠥᠷᠭᠥᠭᠡ》 ᠺᠤᠮᠫᠠᠨᠢ ᠪᠠᠷᠢᠵᠤ ᠪᠠᠶᠢᠭᠤᠯᠤᠭᠰᠠᠨ ᠠᠵᠠᠢ᠃
ᠳᠠᠷᠬᠠᠨ ᠰᠤᠮᠤ ᠶᠢᠨ ᠲᠠᠪᠤᠳᠤᠭᠠᠷ ᠪᠠᠭ  ᠲᠤ ᠪᠠᠶᠢᠭᠤᠯᠤᠭᠰᠠᠨ ᠲᠤᠰ ᠲᠥᠪ ᠲᠦ ᠨᠢᠭᠡᠨ ᠵᠡᠷᠭᠡ 90 ᠭᠠᠷᠤᠢ ᠠᠬᠠᠮᠠᠳ ᠦᠢᠯᠡᠴᠢᠯᠡᠭᠦᠯᠬᠦ ᠪᠣᠯᠤᠮᠵᠢ ᠲᠠᠢ᠃ ᠲᠡᠳᠡ ᠡᠮᠴᠢᠯᠡᠭᠡ᠂ ᠦᠢᠯᠡᠴᠢᠯᠡᠭᠡ᠂ ᠰᠤᠪᠢᠯᠠᠭ᠎ᠠ ᠶᠢ ᠲᠠᠰᠤᠭ ᠢᠶᠠᠷ ᠪᠣᠯᠤᠨ ᠡᠳᠦᠷ ᠢᠶᠡᠷ ᠠᠪᠬᠤ ᠪᠣᠯᠤᠮᠵᠢ ᠲᠠᠢ ᠲᠡᠳᠦᠢ ᠦᠭᠡᠢ ᠹᠢᠲᠨᠧᠰ ᠲᠠᠩᠬᠢᠮ᠂ ᠨᠣᠮ ᠤᠨ ᠰᠠᠩ᠂ ᠪᠦᠵᠢᠭ ᠦᠨ ᠲᠠᠩᠬᠢᠮ ᠵᠡᠷᠭᠡ ᠪᠦᠬᠦ ᠦᠢᠯᠡᠴᠢᠯᠡᠭᠡ ᠶᠢ ᠨᠢᠭᠡ ᠳᠣᠣᠷ᠎ᠠ ᠠᠴᠠ ᠠᠪᠬᠤ ᠨᠥᠬᠥᠴᠡᠯ ᠢᠶᠡᠷ ᠬᠠᠩᠭᠠᠵᠠᠢ᠃

ᠰᠡᠳᠬᠢᠭᠳᠡᠯ ᠦᠯᠡᠳᠡᠭᠡᠬᠦ