ᠮᠤᠩᠭᠤᠯ ᠠᠷᠠᠳ ᠤᠨ ᠨᠠᠮ ᠳᠥᠷᠪᠡᠨ ᠴᠢᠭᠯᠡᠯ ᠳᠦ ᠠᠩᠬᠠᠷᠤᠨ᠎ᠠ | News.MN

ᠮᠤᠩᠭᠤᠯ ᠠᠷᠠᠳ ᠤᠨ ᠨᠠᠮ ᠳᠥᠷᠪᠡᠨ ᠴᠢᠭᠯᠡᠯ ᠳᠦ ᠠᠩᠬᠠᠷᠤᠨ᠎ᠠ

ᠤᠯᠤᠰ ᠤᠨ ᠶᠡᠬᠡ ᠬᠤᠷᠠᠯ ᠳ᠋ᠡᠬᠢ ᠮᠤᠩᠭᠤᠯ ᠠᠷᠠᠳ ᠤᠨ ᠨᠠᠮ ᠤᠨ ᠪᠦᠯᠦᠭ 2021 ᠣᠨ ᠤ ᠨᠠᠮᠤᠷ ᠤᠨ ᠴᠢᠭᠤᠯᠭᠠᠨ ᠤ ᠠᠩᠬᠠᠨ ᠤ ᠬᠤᠷᠠᠯ ᠢᠶᠠᠨ ᠬᠢᠵᠤ᠂ ᠴᠢᠭᠤᠯᠭᠠᠨ ᠢᠶᠠᠷ ᠬᠡᠯᠡᠯᠴᠡᠬᠦ 72 ᠬᠠᠤᠯᠢ᠂ ᠲᠣᠭᠲᠠᠭᠠᠯ ᠤᠨ ᠲᠥᠰᠥᠯ ᠦᠨ ᠲᠠᠯ᠎ᠠ ᠪᠠᠷ ᠶᠠᠷᠢᠯᠴᠠᠭᠠᠳ᠂ ᠳᠠᠷᠠᠭᠠᠬᠢ ᠬᠡᠳᠦᠨ ᠴᠢᠭᠯᠡᠯ ᠳᠦ ᠠᠩᠬᠠᠷᠤᠯ ᠬᠠᠨᠳᠤᠭᠤᠯᠬᠤ ᠪᠠᠷ ᠲᠤᠭᠲᠠᠭᠰᠠᠨ ᠪᠠᠢᠨ᠎ᠠ᠃ ᠲᠤᠬᠠᠢᠯᠠᠪᠠᠯ ᠴᠠᠷ᠎ᠠ ᠲᠠᠬᠤᠯ ᠢ ᠳᠠᠪᠠᠨ ᠲᠤᠭᠤᠯᠬᠤ᠂ ᠡᠳ᠋ ᠦᠨ ᠵᠠᠰᠠᠭ ᠢ ᠰᠡᠷᠭᠦᠭᠡᠬᠦ 2022 ᠣᠨ ᠤ ᠲᠥᠰᠥᠪ᠂ 2019 ᠣᠨ ᠳᠤ ᠪᠠᠲᠤᠯᠠᠭᠳᠠᠭᠰᠠᠨ ᠰᠢᠨ᠎ᠡ ᠦᠨᠳᠦᠰᠦᠨ ᠬᠠᠤᠯᠢ ᠶᠢᠨ ᠬᠦᠷᠢᠶᠡᠨ ᠳᠦ ᠡᠷᠬᠡ ᠵᠦᠢ ᠶᠢᠨ ᠣᠷᠴᠢᠨ ᠪᠤᠢ ᠪᠣᠯᠭᠠᠬᠤ᠂ 2020 ᠣᠨ ᠤ ᠰᠣᠩᠭᠣᠭᠤᠯᠢ ᠳᠤ ᠮᠤᠩᠭᠤᠯ ᠠᠷᠠᠳ ᠤᠨ ᠨᠠᠮ  ᠤᠨ ᠳᠡᠪᠰᠢᠭᠦᠯᠦᠭᠰᠡᠨ ᠮᠥᠷ ᠦᠨ ᠬᠥᠲᠥᠯᠪᠦᠷᠢ ᠶᠢ ᠬᠡᠷᠡᠭᠵᠢᠭᠦᠯᠬᠦ ᠵᠡᠷᠭᠡ᠃
ᠮᠤᠩᠭᠤᠯ ᠠᠷᠠᠳ ᠤᠨ ᠨᠠᠮ ᠤᠨ ᠪᠦᠯᠦᠭ ᠥᠨᠥᠳᠥᠷ ᠦᠨ ᠬᠤᠷᠠᠯᠳᠤᠭᠠᠨ ᠢᠶᠠᠷ ᠢᠶᠠᠨ ᠶᠡᠷᠦᠩᠬᠡᠢ ᠰᠠᠶᠢᠳ ᠤᠨ ᠮᠡᠳᠡᠭᠡᠯᠡᠯ ᠢ ᠰᠣᠨᠣᠰᠬᠤ ᠪᠠᠷ ᠲᠥᠯᠥᠪᠯᠡᠭᠡᠳ ᠪᠠᠶᠢᠭᠰᠠᠨ ᠴᠤ ᠬᠣᠶᠢᠰᠢᠯᠠᠭᠤᠯᠵᠤ ᠢᠷᠡᠬᠦ ᠳᠠᠸᠠ ᠭᠠᠷᠠᠭ ᠲᠤ ᠰᠣᠨᠣᠰᠴᠤ᠂ ᠴᠠᠭ ᠦᠶ᠎ᠡ ᠶᠢᠨ ᠠᠰᠠᠭᠤᠳᠠᠯ ᠢᠶᠠᠷ ᠶᠠᠷᠢᠯᠴᠠᠵᠤ᠂ 2022 ᠣᠨ ᠤ ᠲᠥᠰᠥᠪ ᠢ ᠨᠢᠭᠡ ᠪᠥᠷᠢᠴᠢᠯᠡᠨ ᠬᠡᠯᠡᠯᠴᠡᠬᠦ ᠪᠡᠷ ᠪᠣᠯᠵᠠᠢ᠃

ᠰᠡᠳᠬᠢᠭᠳᠡᠯ ᠦᠯᠡᠳᠡᠭᠡᠬᠦ