ᠡᠯᠴᠢᠨ ᠰᠠᠶᠢᠳ ᠨᠠᠷ ᠬᠠᠤᠯᠢ ᠪᠤᠰᠤ ᠵᠦᠢᠯ ᠳᠦ ᠬᠤᠯᠪᠤᠭᠳᠠᠪᠠᠯ ᠳᠠᠷᠤᠢ ᠡᠭᠡᠭᠦᠯᠦᠨ ᠲᠠᠲᠠᠨ᠎ᠠ | News.MN

ᠡᠯᠴᠢᠨ ᠰᠠᠶᠢᠳ ᠨᠠᠷ ᠬᠠᠤᠯᠢ ᠪᠤᠰᠤ ᠵᠦᠢᠯ ᠳᠦ ᠬᠤᠯᠪᠤᠭᠳᠠᠪᠠᠯ ᠳᠠᠷᠤᠢ ᠡᠭᠡᠭᠦᠯᠦᠨ ᠲᠠᠲᠠᠨ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ᠬᠦᠷᠡᠯᠰᠦ᠋ᠬᠡ ᠠᠦᠢᠰᠲᠷᠠᠯᠢᠶ᠎ᠠ ᠶᠢᠨ ᠬᠣᠯᠪᠣᠭᠠᠨ ᠤ ᠤᠯᠤᠰ ᠲᠤ ᠰᠠᠭᠤᠬᠤ ᠡᠯᠴᠢᠨ ᠰᠠᠶᠢᠳ ᠳ ∙ ᠳᠠᠸᠠᠰᠦ᠋ᠷᠦᠩ᠂ ᠠᠷᠠᠪ ᠤᠨ ᠨᠢᠭᠡᠳᠦᠭᠰᠡᠨ ᠡᠮᠢᠷᠠᠲ ᠤᠯᠤᠰ ᠲᠤ ᠰᠠᠭᠤᠬᠤ ᠡᠯᠴᠢᠨ ᠰᠠᠶᠢᠳ ᠱ ∙ ᠣᠳᠣᠨᠪᠠᠭᠠᠲᠤᠷ᠂ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠳᠦ ᠰᠠᠭᠤᠬᠤ ᠡᠯᠴᠢᠨ ᠰᠠᠶᠢᠳ ᠯ∙ᠡᠷᠳᠡᠨᠢᠳᠠᠸᠠ᠂ ᠸᠢᠶᠧᠲ᠋ᠨᠠᠮ ᠤᠯᠤᠰ ᠲᠤ ᠰᠠᠭᠤᠬᠤ ᠡᠯᠴᠢᠨ ᠰᠠᠶᠢᠳ ᠵ∙ᠰᠸᠷᠡᠵᠠᠪ᠂ ᠡᠨᠡᠳᠬᠡᠭ ᠤᠯᠤᠰ ᠲᠤ ᠰᠠᠭᠤᠬᠤ ᠡᠯᠴᠢᠨ ᠰᠠᠶᠢᠳ ᠳ ∙ ᠭᠠᠩᠪᠣᠯᠣᠳ ᠨᠠᠷ ᠲᠤ ᠢᠲᠡᠭᠡᠮᠵᠢᠯᠡᠬᠦ ᠵᠢᠭᠤᠬᠤ ᠪᠢᠴᠢᠭ ᠢ ᠨᠢ ᠭᠠᠷᠳᠠᠭᠤᠯᠵᠠᠢ᠃
ᠶᠡᠷᠦᠩᠬᠡᠶᠢᠯᠡᠭᠴᠢ ᠦᠨᠳᠦᠰᠦᠨ ᠦ ᠢᠵᠠᠭᠤᠷ ᠡᠷᠬᠡ ᠠᠰᠢᠭ ᠢ ᠢᠮᠠᠭᠲᠠ ᠡᠷᠬᠢᠮᠯᠡᠨ ᠳᠡᠭᠡᠳᠦᠯᠡᠵᠦ᠂ ᠭᠠᠳᠠᠭᠠᠳᠤ ᠪᠣᠳᠣᠯᠭ᠎ᠠ ᠶᠢ ᠨᠢᠭᠡ ᠴᠣᠩᠬᠣ ᠪᠠᠷ ᠬᠠᠷᠠᠵᠤ ᠬᠡᠷᠡᠭᠵᠢᠭᠦᠯᠬᠦ ᠶᠢ ᠡᠯᠴᠢᠨ ᠰᠠᠶᠢᠳ ᠨᠠᠷ ᠲᠤ ᠵᠠᠬᠢᠭᠰᠠᠨ ᠪᠠᠶᠢᠨ᠎ᠠ᠃ ᠮᠥᠨ ᠡᠬᠡ ᠣᠷᠣᠨ ᠢᠶᠠᠨ ᠰᠤᠷᠲᠠᠯᠴᠢᠯᠠᠬᠤ᠂ ᠬᠥᠷᠥᠩᠭᠡ ᠣᠷᠣᠭᠤᠯᠤᠯᠲᠠ ᠲᠠᠲᠠᠬᠤ᠂ ᠭᠠᠳᠠᠭᠠᠳᠤ ᠬᠠᠷᠢᠯᠴᠠᠭ᠎ᠠ ᠶᠢ ᠡᠳ᠋ ᠦᠨ ᠵᠠᠰᠠᠭᠵᠢᠭᠤᠯᠬᠤ ᠴᠢᠭᠯᠡᠯ ᠢᠶᠡᠷ ᠢᠳᠡᠪᠬᠢᠲᠡᠢ ᠠᠵᠢᠯᠯᠠᠬᠤ ᠶᠢ ᠰᠠᠨᠠᠭᠤᠯᠵᠠᠢ᠃ ᠲᠤᠬᠠᠢ ᠶᠢᠨ ᠣᠷᠣᠨ ᠳᠤ ᠪᠠᠨ ᠣᠷᠣᠰᠢᠨ ᠰᠠᠭᠤᠭ᠎ᠠ ᠮᠣᠩᠭᠣᠯ ᠢᠷᠭᠡᠳ ᠲᠦ ᠪᠡᠨ ᠪᠣᠯᠤᠮᠵᠢᠲᠤ ᠪᠦᠬᠦ ᠬᠡᠯᠪᠡᠷᠢ ᠪᠡᠷ ᠲᠤᠰᠠᠯᠠᠯᠴᠠᠭ᠎ᠠ ᠳᠡᠮᠵᠢᠯᠭᠡ ᠦᠵᠡᠭᠦᠯᠬᠦ᠂ ᠦᠷ᠎ᠡ ᠬᠡᠦᠬᠡᠳ ᠦᠳ ᠲᠦ ᠨᠢ ᠮᠣᠩᠭᠣᠯ ᠬᠡᠯᠡ ᠪᠡᠨ ᠰᠤᠷᠭᠠᠬᠤ᠂ ᠲᠡᠦᠬᠡ ᠰᠤᠶᠤᠯ᠂ ᠵᠠᠩ ᠵᠠᠩᠰᠢᠯ᠂ ᠤᠯᠠᠮᠵᠢᠯᠠᠯ ᠢᠶᠠᠨ ᠥᠪᠯᠡᠭᠦᠯᠦᠨ ᠦᠯᠡᠳᠡᠭᠡᠬᠦ ᠨᠢ ᠴᠢᠬᠤᠯᠠ ᠪᠠᠶᠢᠭ᠎ᠠ ᠶᠢ ᠬᠡᠯᠡᠭᠰᠡᠨ ᠪᠠᠶᠢᠨ᠎ᠠ᠃ ᠲᠡᠭᠦᠨᠴᠢᠯᠡᠨ ᠡᠯᠴᠢᠨ ᠰᠠᠶᠢᠳ ᠨᠠᠷ ᠬᠠᠤᠯᠢ ᠪᠤᠰᠤ ᠵᠦᠢᠯ ᠳᠦ ᠬᠣᠯᠪᠣᠭᠳᠠᠭᠰᠠᠨ ᠲᠣᠬᠢᠶᠠᠯᠳᠤᠯ ᠳᠤ ᠨᠡᠩ ᠳᠠᠷᠤᠢ ᠡᠭᠡᠭᠦᠯᠦᠨ ᠲᠠᠲᠠᠨ᠎ᠠ ᠭᠡᠳᠡᠭ ᠢ ᠣᠨᠴᠠᠭᠠᠶᠢᠯᠠᠨ ᠠᠩᠬᠠᠷᠤᠭᠤᠯᠵᠠᠢ᠃

ᠰᠡᠳᠬᠢᠭᠳᠡᠯ ᠦᠯᠡᠳᠡᠭᠡᠬᠦ