ᠠᠦᠢᠰᠲᠷᠠᠯᠢᠶ᠎ᠠ ᠶᠢᠨ ᠬᠥᠷᠥᠩᠭᠡ ᠶᠢᠨ ᠪᠢᠷᠵᠢ ᠳᠦ ᠪᠦᠷᠢᠳᠬᠡᠯ ᠲᠡᠢ Elixir Energy ᠺᠣᠮᠫᠠᠨᠢ ᠮᠣᠩᠭᠣᠯ ᠳᠤ ᠶᠠᠪᠤᠭᠤᠯᠵᠤ ᠪᠤᠢ ᠦᠢᠯᠡ ᠠᠵᠢᠯᠯᠠᠭ᠎ᠠ ᠪᠠᠨ ᠥᠷᠭᠡᠵᠢᠭᠦᠯᠵᠦ᠂《ᠨᠣᠭᠣᠭᠠᠨ ᠤᠰᠤᠳᠦ᠋ᠷᠦᠭᠴᠢ》ᠦᠢᠯᠡᠳᠪᠦᠷᠢᠯᠡᠬᠦ ᠪᠡᠷ ᠲᠥᠯᠥᠪᠯᠡᠵᠦ ᠪᠠᠶᠢᠭ᠎ᠠ ᠪᠠᠨ ᠮᠡᠳᠡᠭᠡᠯᠡᠯ᠎ᠡ᠃ ᠲᠤᠰ ᠺᠣᠮᠫᠠᠨᠢ《ᠨᠣᠭᠣᠭᠠᠨ ᠤᠰᠤᠳᠦ᠋ᠷᠦᠭᠴᠢ》ᠦᠢᠯᠡᠳᠪᠦᠷᠢᠯᠡᠬᠦ ᠬᠠᠮᠤᠭ ᠤᠨ ᠲᠠᠭᠠᠲᠠᠢ ᠤᠯᠤᠰ ᠢᠶᠠᠷ ᠮᠣᠩᠭᠣᠯ ᠢ ᠨᠡᠷᠡᠯᠡᠭᠰᠡᠨ ᠪᠠᠶᠢᠨ᠎ᠠ᠃ ᠬᠢᠲᠠᠳ ᠲᠤ ᠤᠰᠤᠳᠦ᠋ᠷᠦᠭᠴᠢ ᠡᠴᠡ ᠭᠠᠷᠭᠠᠵᠤ ᠠᠪᠤᠭᠰᠠᠨ ᠡᠷᠴᠢᠮ ᠬᠦᠴᠦᠨ ᠦ ᠡᠷᠢᠯᠲᠡ ᠥᠨᠳᠥᠷ ᠪᠠᠶᠢᠭ᠎ᠠ ᠲᠤᠯᠠ ᠬᠢᠲᠠᠳ ᠤᠨ Sinopec᠂ PetroChina ᠵᠡᠷᠭᠡ ᠺᠣᠮᠫᠠᠨᠢ ᠨᠤᠭᠤᠳ ᠡᠨᠡ ᠴᠢᠭᠯᠡᠯ ᠳᠦ ᠶᠡᠬᠡ ᠬᠡᠮᠵᠢᠶᠡᠨ ᠦ ᠬᠥᠷᠥᠩᠭᠡ ᠣᠷᠣᠭᠤᠯᠵᠤ ᠪᠠᠶᠢᠭ᠎ᠠ ᠶᠤᠮ᠃
ᠬᠢᠲᠠᠳ ᠤᠨ ᠶᠡᠷᠦᠩᠬᠡᠶᠢᠯᠡᠭᠴᠢ ᠰᠢ ᠵᠢᠨ ᠫᠢᠩ ᠢᠷᠡᠬᠦ ᠲᠠᠪᠤᠨ ᠵᠢᠯ ᠦᠨ ᠬᠤᠭᠤᠴᠠᠭᠠᠨ ᠳᠤ ᠨᠡᠭᠦᠷᠡᠰᠦᠨ ᠦ ᠬᠡᠷᠡᠭᠯᠡᠭᠡ ᠶᠢ ᠡᠷᠴᠢᠮᠲᠡᠢ ᠪᠠᠭᠤᠷᠠᠭᠤᠯᠵᠤ᠂ 2060 ᠣᠨ ᠭᠡᠬᠦ ᠳᠦ ᠨᠡᠭᠦᠷᠡᠰᠦᠭᠦᠴᠢᠯ ᠦᠨ ᠬᠡᠢ ᠶᠢᠨ ᠢᠯᠭᠠᠷᠠᠭᠤᠯᠤᠯᠲᠠ ᠪᠠᠨ ᠲᠡᠩᠴᠡᠪᠦᠷᠢᠵᠢᠭᠦᠯᠦᠨᠡ ᠭᠡᠵᠦ ᠮᠡᠳᠡᠭᠡᠯᠡᠭᠰᠡᠨ ᠤ ᠳᠠᠷᠠᠭ᠎ᠠ Elixir Energy ᠺᠣᠮᠫᠠᠨᠢ ᠶᠢᠨ ᠬᠤᠪᠢᠴᠠᠭᠠᠨ ᠤ ᠬᠠᠩᠰᠢ ᠥᠰᠦᠭᠡᠳ ᠪᠠᠶᠢᠨ᠎ᠠ᠃