ᠣᠯᠠᠨ ᠬᠦᠮᠦᠨ ᠴᠤᠭᠯᠠᠭᠤᠯᠤᠭᠰᠠᠨ ᠭᠡᠵᠦ ᠪ ∙ᠪᠤᠯᠤᠷᠡᠷᠳᠡᠨᠢ ᠳᠦ ᠰᠠᠨᠠᠭᠤᠯᠭ᠎ᠠ ᠥᠭᠴᠡᠢ | News.MN

ᠣᠯᠠᠨ ᠬᠦᠮᠦᠨ ᠴᠤᠭᠯᠠᠭᠤᠯᠤᠭᠰᠠᠨ ᠭᠡᠵᠦ ᠪ ∙ᠪᠤᠯᠤᠷᠡᠷᠳᠡᠨᠢ ᠳᠦ ᠰᠠᠨᠠᠭᠤᠯᠭ᠎ᠠ ᠥᠭᠴᠡᠢ

ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠭᠠᠵᠠᠷ ᠤᠨ ᠳᠠᠷᠤᠭ᠎ᠠ ᠪ∙ᠪᠤᠯᠤᠷᠡᠷᠳᠡᠨᠢ  ᠶᠢ《Digital Nation-2021》ᠠᠷᠭ᠎ᠠ ᠬᠡᠮᠵᠢᠶ᠎ᠡ ᠶᠢ ᠥᠩᠭᠡᠷᠡᠭᠰᠡᠨ ᠰᠠᠷ᠎ᠠ ᠶᠢᠨ 17-19  ᠤ ᠡᠳᠦᠷ ᠦᠳ ᠲᠦ ᠦᠨᠳᠦᠰᠦᠨ ᠦ ᠰᠤᠶᠤᠯ ᠠᠮᠠᠷᠠᠯᠲᠠ ᠶᠢᠨ ᠬᠦᠷᠢᠶᠡᠯᠡᠩ ᠳᠦ ᠵᠣᠬᠢᠶᠠᠨ ᠪᠠᠶᠢᠭᠤᠯᠵᠤ ᠣᠯᠠᠨ ᠬᠦᠮᠦᠨ ᠴᠤᠭᠯᠠᠭᠤᠯᠤᠭᠰᠠᠨ ᠲᠡᠢ ᠬᠣᠯᠪᠣᠭᠳᠠᠭᠤᠯᠤᠨ ᠬᠠᠤᠯᠢ ᠶᠢᠨ ᠪᠠᠶᠢᠭᠤᠯᠤᠯᠭ᠎ᠠ ᠠᠴᠠ ᠰᠢᠯᠭᠠᠵᠤ ᠪᠠᠶᠢᠭ᠎ᠠ ᠲᠠᠯ᠎ᠠ ᠪᠠᠷ ᠪᠢᠳᠡ ᠡᠮᠦᠨ᠎ᠡ ᠨᠢ ᠮᠡᠳᠡᠭᠡᠯᠡᠭᠰᠡᠨ ᠪᠢᠯᠡ᠃
ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠼ∙ᠨᠢᠮᠠᠳᠣᠷᠵᠢ ᠡᠨᠡ ᠲᠤᠬᠠᠢ ᠬᠡᠯᠡᠬᠦ ᠳᠦ ᠪᠡᠨ᠄ ᠴᠠᠬᠢᠮ ᠦᠨᠳᠦᠰᠦᠲᠡᠨ-2021 ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠬᠤ ᠳᠤ ᠪᠠᠨ ᠣᠯᠠᠨ ᠬᠦᠮᠦᠨ ᠴᠤᠭᠯᠠᠨ᠎ᠠ ᠭᠡᠵᠦ ᠲᠣᠭᠠᠴᠠᠭᠠᠯᠠᠭ᠎ᠠ ᠦᠭᠡᠢ᠃ ᠠᠯᠳᠠᠭ᠎ᠠ ᠮᠠᠶ᠋ᠢᠭ ᠤᠨ ᠶᠠᠭᠤᠮ᠎ᠠ ᠭᠠᠷᠤᠭᠰᠠᠨ᠃ ᠴᠠᠬᠢᠮ ᠦᠨᠳᠦᠰᠦᠲᠡᠨ ᠠᠷᠭ᠎ᠠ ᠬᠡᠮᠵᠢᠶᠡᠨ ᠳᠦ ᠣᠯᠠᠨ ᠬᠦᠮᠦᠨ ᠦ ᠪᠦᠭᠡᠮᠨᠡᠷᠡᠯ ᠡᠭᠦᠰᠬᠡᠭᠰᠡᠨ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠭᠠᠵᠠᠷ ᠤᠨ ᠳᠠᠷᠤᠭ᠎ᠠ ᠪ ∙ᠪᠤᠯᠤᠷᠡᠷᠳᠡᠨᠢ  ᠳᠦ ᠪᠢ ᠠᠩᠬᠠᠷᠤᠭᠤᠯᠤᠭᠰᠠᠨ᠃ ᠳᠠᠬᠢᠨ ᠪᠢᠲᠡᠭᠡᠢ ᠡᠶᠢᠮᠦ ᠠᠯᠳᠠᠭ᠎ᠠ ᠭᠠᠷᠭᠠᠭᠠᠷᠠᠢ ᠭᠡᠵᠦ ᠬᠡᠯᠡᠭᠡᠳ ᠭᠠᠷᠭᠠᠭᠰᠠᠨ ᠭᠡᠯ᠎ᠡ᠃

ᠰᠡᠳᠬᠢᠭᠳᠡᠯ ᠦᠯᠡᠳᠡᠭᠡᠬᠦ