ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠲᠠᠢ ᠵᠢᠷᠭᠤᠳᠤᠭᠠᠷ ᠠᠭᠤᠯᠵᠠᠯᠲᠠ ᠬᠢᠪᠡ | News.MN

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠲᠠᠢ ᠵᠢᠷᠭᠤᠳᠤᠭᠠᠷ ᠠᠭᠤᠯᠵᠠᠯᠲᠠ ᠬᠢᠪᠡ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠠᠴᠠ ᠮᠣᠩᠭᠣᠯ ᠤᠯᠤᠰ ᠲᠤ 2023-2027 ᠣᠨ ᠳᠤ ᠬᠡᠷᠡᠭᠵᠢᠭᠦᠯᠬᠦ ᠲᠣᠭᠲᠠᠪᠤᠷᠢᠲᠠᠢ ᠬᠥᠭᠵᠢᠯ ᠦᠨ ᠬᠠᠮᠲᠤ ᠶᠢᠨ ᠠᠵᠢᠯᠯᠠᠭᠠᠨ ᠤ ᠬᠦᠷᠢᠶ᠎ᠡ︵UNSDCF︶ ᠶᠢ ᠪᠣᠯᠪᠠᠰᠤᠷᠠᠭᠤᠯᠬᠤ ᠡᠬᠢᠯᠡᠯ ᠦᠨ ᠲᠠᠶᠢᠯᠤᠨ ᠪᠤᠶᠤ ᠲᠥᠯᠥᠪᠯᠡᠭᠡ ᠶᠢ ᠲᠠᠨᠢᠯᠴᠠᠭᠤᠯᠬᠤ ᠵᠣᠷᠢᠯᠭ᠎ᠠ ᠲᠠᠢ ᠮᠣᠩᠭᠣᠯ ᠤᠯᠤᠰ ᠤᠨ ᠵᠠᠰᠠᠭ ᠤᠨ ᠭᠠᠵᠠᠷ ᠪᠣᠯᠤᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠠᠮᠲᠤᠷᠠᠭᠰᠠᠨ ᠤᠳᠤᠷᠢᠳᠬᠤ ᠬᠣᠷᠢᠶᠠᠨ ᠤ ᠵᠢᠷᠭᠤᠳᠤᠭᠠᠷ ᠠᠭᠤᠯᠵᠠᠯᠲᠠ 2021 ᠣᠨ ᠤ 10 ᠳ᠋ᠤᠭᠠᠷ ᠰᠠᠷ᠎ᠠ ᠶᠢᠨ 7  ᠳᠦ ᠴᠠᠬᠢᠮ ᠢᠶᠠᠷ ᠪᠣᠯᠪᠠ᠃
ᠠᠭᠤᠯᠵᠠᠯᠲᠠ ᠪᠠᠷ ᠲᠣᠭᠲᠠᠪᠤᠷᠢᠲᠠᠢ ᠬᠥᠭᠵᠢᠯ ᠦᠨ ᠬᠠᠮᠲᠤ ᠶᠢᠨ ᠠᠵᠢᠯᠯᠠᠭᠠᠨ ᠤ ᠬᠦᠷᠢᠶ᠎ᠡ︵UNSDCF 2023-2027︶᠍  ᠶᠢ ᠪᠣᠯᠪᠠᠰᠤᠷᠠᠭᠤᠯᠬᠤ ᠵᠠᠮ ᠤᠨ ᠵᠢᠷᠤᠭᠯᠠᠯ᠂ ᠲᠡᠷᠢᠭᠦᠯᠡᠬᠦ ᠴᠢᠭᠯᠡᠯ ᠦᠳ ᠢ ᠲᠣᠳᠣᠷᠬᠠᠶᠢᠯᠠᠬᠤ ᠠᠯᠬᠤᠮ ᠤᠳ᠂ ᠪᠠᠷᠢᠮᠲᠠ ᠪᠢᠴᠢᠭ ᠢ ᠪᠣᠯᠪᠠᠰᠤᠷᠠᠭᠤᠯᠬᠤ ᠳᠤ ᠲᠦᠰᠢᠭᠯᠡᠬᠦ ᠮᠡᠳᠡᠭᠡᠯᠡᠯ ᠪᠣᠯᠤᠨ ᠨᠥᠭᠡᠴᠡ ᠪᠣᠯᠤᠮᠵᠢ᠂ ᠤᠳᠤᠷᠢᠳᠤᠯᠭ᠎ᠠ ᠪᠣᠯᠭᠠᠬᠤ ᠵᠠᠷᠴᠢᠮ ᠤᠳ᠂ ᠦᠷ᠎ᠡ ᠳ᠋ᠦᠩ ᠢ ᠦᠨᠡᠯᠡᠬᠦ ᠠᠷᠭᠠᠴᠢᠯᠠᠯ᠂  ᠲᠠᠯ᠎ᠠ ᠨᠤᠭᠤᠳ ᠤᠨ ᠬᠦᠯᠢᠶᠡᠬᠦ ᠡᠭᠦᠷᠭᠡ ᠬᠠᠷᠢᠭᠤᠴᠠᠯᠭ᠎ᠠ᠂ ᠰᠢᠢᠳᠦᠯ ᠢ ᠲᠣᠳᠣᠷᠬᠠᠶᠢᠯᠠᠬᠤ ᠠᠷᠭ᠎ᠠ ᠵᠠᠮ᠂  ᠭᠷᠦᠽᠢᠶ᠎ᠡ᠂ ᠬᠣᠶᠢᠳ  ᠮᠠᠺᠸᠳᠤᠨ᠂  ᠯᠠᠤᠰ ᠵᠡᠷᠭᠡ ᠤᠯᠤᠰ ᠲᠠᠢ ᠪᠠᠶᠢᠭᠤᠯᠤᠭᠰᠠᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠲᠣᠭᠲᠠᠪᠤᠷᠢᠲᠠᠢ ᠬᠥᠭᠵᠢᠯ ᠦᠨ ᠬᠠᠮᠲᠤ ᠶᠢᠨ ᠠᠵᠢᠯᠯᠠᠭᠠᠨ ᠤ ᠬᠦᠷᠢᠶ᠎ᠡ ᠪᠠᠷᠢᠮᠲᠠ ᠪᠢᠴᠢᠭ ᠦᠳ ᠦᠨ ᠣᠨᠴᠠᠯᠢᠭ ᠲᠠᠢ ᠲᠠᠨᠢᠯᠴᠠᠵᠤ᠂ ᠮᠡᠳᠡᠭᠡᠯᠡᠯ ᠰᠠᠨᠠᠯ ᠰᠤᠯᠢᠯᠴᠠᠪᠠ᠃ ᠠᠭᠤᠯᠵᠠᠯᠲᠠ ᠳᠤ ᠭᠠᠳᠠᠭᠠᠳᠤ ᠬᠠᠷᠢᠯᠴᠠᠭᠠᠨ ᠤ ᠶᠠᠮᠤᠨ᠂ ᠬᠥᠳᠡᠯᠮᠦᠷᠢ ᠨᠡᠶᠢᠭᠡᠮ ᠤᠨ ᠬᠠᠮᠠᠭᠠᠯᠠᠯ ᠤᠨ ᠶᠠᠮᠤᠨ᠂ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ᠂ ᠰᠤᠶᠤᠯ ᠤᠨ ᠶᠠᠮᠤᠨ᠂ ᠦᠨᠳᠦᠰᠦᠨ ᠦ ᠬᠥᠭᠵᠢᠯ ᠦᠨ ᠭᠠᠵᠠᠷ ᠵᠡᠷᠭᠡ ᠲᠥᠷᠥ ᠶᠢᠨ ᠪᠠᠶᠢᠭᠤᠯᠤᠯᠭ᠎ᠠ ᠶᠢᠨ ᠠᠬᠠᠯᠠᠬᠤ ᠠᠯᠪᠠᠨ  ᠲᠤᠰᠢᠶᠠᠯᠲᠠᠳ ᠪᠣᠯᠤᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠰᠢᠰᠲ᠋ᠧᠮ ᠦᠨ ᠪᠠᠶᠢᠭᠤᠯᠤᠯᠭ᠎ᠠ ᠨᠤᠭᠤᠳ ᠤᠨ ᠤᠳᠤᠷᠢᠳᠤᠯᠭ᠎ᠠ ᠨᠠᠷ ᠤᠷᠤᠯᠴᠠᠪᠠ᠃

ᠰᠡᠳᠬᠢᠭᠳᠡᠯ ᠦᠯᠡᠳᠡᠭᠡᠬᠦ