︽ᠬᠥᠷᠥᠩᠭᠡ ᠣᠷᠣᠭᠤᠯᠤᠯᠲᠠ ᠶᠢᠨ ᠲᠤᠬᠠᠢ︾ ᠬᠠᠤᠯᠢ ᠳᠤ ᠥᠭᠡᠷᠡᠴᠢᠯᠡᠯᠲᠡ ᠤᠷᠤᠭᠤᠯᠤᠨ᠎ᠠ | News.MN

︽ᠬᠥᠷᠥᠩᠭᠡ ᠣᠷᠣᠭᠤᠯᠤᠯᠲᠠ ᠶᠢᠨ ᠲᠤᠬᠠᠢ︾ ᠬᠠᠤᠯᠢ ᠳᠤ ᠥᠭᠡᠷᠡᠴᠢᠯᠡᠯᠲᠡ ᠤᠷᠤᠭᠤᠯᠤᠨ᠎ᠠ

ᠬ∙ᠭᠠᠩᠬᠤᠶᠠᠭ ᠨᠠᠷ ᠤᠨ ᠳᠥᠷᠪᠡᠨ ᠭᠡᠰᠢᠭᠦᠨ ᠦ ᠡᠷᠭᠦᠨ ᠪᠠᠷᠢᠭᠰᠠᠨ︽ᠬᠥᠷᠥᠩᠭᠡ ᠣᠷᠣᠭᠤᠯᠤᠯᠲᠠ ᠶᠢᠨ ᠲᠤᠬᠠᠢ︾ ᠬᠠᠤᠯᠢ ᠳᠤ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ ᠣᠯᠠᠩᠬᠢ ᠨᠢ ᠬᠡᠯᠡᠯᠴᠡᠬᠦ ᠶᠢ ᠳᠡᠮᠵᠢᠵᠦ᠂ ᠠᠩᠬᠠᠨ ᠤ ᠬᠡᠯᠡᠯᠴᠡᠭᠦᠯᠭᠡ ᠳᠦ ᠪᠡᠯᠡᠳᠬᠡᠭᠦᠯᠬᠦ ᠪᠡᠷ ᠪᠠᠶᠢᠩᠭᠤ ᠶᠢᠨ ᠬᠣᠷᠢᠶᠠᠨ ᠳᠤ ᠰᠢᠯᠵᠢᠭᠦᠯᠦᠯ᠎ᠡ᠃
ᠣᠳᠣ ᠦᠢᠯᠡᠴᠢᠯᠡᠵᠦ ᠪᠠᠶᠢᠭ᠎ᠠ ᠬᠠᠤᠯᠢ ᠡᠷᠬᠡ ᠵᠦᠢ ᠶᠢᠨ ᠲᠣᠭᠲᠠᠯᠴᠠᠭᠠᠨ ᠤ ᠬᠦᠷᠢᠶᠡᠨ ᠳᠦ ᠭᠠᠳᠠᠭᠠᠳᠤ ᠶᠢᠨ ᠬᠠᠤᠯᠢ ᠶᠢᠨ ᠡᠲᠡᠭᠡᠳ ᠺᠤᠮᠫᠠᠨᠢ ᠪᠠᠢᠭᠤᠯᠬᠤ ᠳᠤ100 ᠮᠢᠩᠭᠠᠨ ᠳ᠋ᠣᠯᠯᠠᠷ ᠠᠴᠠ ᠳᠣᠭᠣᠭᠰᠢ ᠦᠭᠡᠢ ᠬᠥᠷᠥᠩᠭᠡ ᠣᠷᠣᠭᠤᠯᠤᠯᠲᠠ ᠬᠢᠭᠰᠡᠨ ᠪᠠᠶᠢᠬᠤ ᠶᠣᠰᠣᠲᠠᠢ᠃ ᠡᠨᠡ ᠬᠦ ᠬᠥᠷᠥᠩᠭᠡ ᠶᠢᠨ ᠪᠤᠱᠤᠭ᠎ᠠ ᠨᠢ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠲᠠᠢ ᠠᠵᠤ ᠠᠬᠤᠢ ᠶᠢᠨ ᠨᠢᠭᠡᠴᠢ ᠪᠠᠶᠢᠭᠤᠯᠬᠤ ᠳᠤ ᠱᠠᠭᠠᠷᠳᠠᠯᠭ᠎ᠠ ᠦᠭᠡᠢ ᠪᠥᠭᠡᠳ ᠬᠠᠷᠢᠨ ᠲᠤᠬᠠᠢ ᠶᠢᠨ ᠬᠥᠷᠥᠩᠭᠡ ᠣᠷᠣᠭᠤᠯᠤᠭᠴᠢ ᠪᠣᠯᠤᠨ ᠲᠡᠭᠦᠨ ᠦ ᠭᠡᠷ ᠪᠦᠯᠢ ᠨᠢ ᠮᠣᠩᠭᠣᠯ ᠤᠯᠤᠰ ᠲᠤ ᠪᠠᠶᠢᠩᠭᠤ ᠣᠷᠣᠰᠢᠨ ᠰᠠᠭᠤᠬᠤ ᠸᠢᠽ ᠬᠦᠰᠡᠬᠦ ᠲᠣᠬᠢᠶᠠᠯᠳᠤᠯ ᠳᠤ ᠮᠣᠩᠭᠣᠯ ᠤᠯᠤᠰ ᠲᠤ ᠤᠷᠤᠭᠤᠯᠬᠤ ᠬᠥᠷᠥᠩᠭᠡ ᠣᠷᠣᠭᠤᠯᠤᠯᠲᠠ ᠶᠢᠨ ᠳᠤᠤᠷᠠᠳᠤ ᠬᠡᠮᠵᠢᠶ᠎ᠡ ᠶᠢ ᠵᠢᠭᠠᠵᠤ ᠥᠭᠬᠦ ᠨᠢ ᠲᠣᠬᠢᠷᠠᠮᠵᠢᠲᠠᠢ ᠬᠡᠮᠡᠨ ᠬᠠᠤᠯᠢ ᠰᠠᠨᠠᠭᠠᠴᠢᠯᠠᠭᠴᠢᠳ ᠦᠵᠡᠵᠦ᠂ ᠤᠯᠠᠮ ᠢᠶᠠᠷ ᠡᠨᠡ ᠬᠡᠮᠵᠢᠶ᠎ᠡ ᠶᠢ 50 ᠮᠢᠩᠭᠠᠨ ᠳ᠋ᠣᠯᠯᠠᠷ ᠪᠠᠶᠢᠬᠤ ᠪᠠᠷ ᠲᠥᠰᠥᠯ ᠳᠦ ᠲᠤᠰᠬᠠᠵᠠᠢ᠃ ᠡᠨᠡ ᠬᠦ ᠵᠣᠬᠢᠴᠠᠭᠤᠯᠤᠯᠲᠠ ᠶᠢ ᠨᠢ ᠡᠰᠡᠷᠭᠦᠴᠡᠬᠦ ᠭᠡᠰᠢᠭᠦᠨ ᠣᠯᠠᠨ ᠪᠠᠶᠢᠯ᠎ᠠ᠃ ᠭᠡᠪᠡᠴᠦ ᠤᠭ ᠲᠥᠰᠥᠯ ᠤᠯᠤᠰ ᠤᠨ ᠶᠡᠬᠡ ᠬᠤᠷᠠᠯ ᠤᠨ ᠪᠤᠱᠤᠭ᠎ᠠ ᠳᠠᠪᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ