ᠬᠡᠦᠬᠡᠳ ᠵᠠᠯᠠᠭᠤᠰ ᠬᠥᠭᠵᠢᠮ ᠦᠨ ᠰᠤᠷᠭᠠᠯᠲᠠ ᠶᠢ ᠴᠠᠬᠢᠮ ᠢᠶᠠᠷ ᠠᠪᠬᠤ ᠪᠣᠯᠤᠮᠵᠢ ᠲᠠᠢ | News.MN

ᠬᠡᠦᠬᠡᠳ ᠵᠠᠯᠠᠭᠤᠰ ᠬᠥᠭᠵᠢᠮ ᠦᠨ ᠰᠤᠷᠭᠠᠯᠲᠠ ᠶᠢ ᠴᠠᠬᠢᠮ ᠢᠶᠠᠷ ᠠᠪᠬᠤ ᠪᠣᠯᠤᠮᠵᠢ ᠲᠠᠢ

ᠮᠣᠩᠭᠣᠯ ᠤᠨ ᠤᠷᠠᠯᠢᠭ ᠤᠨ ᠵᠥᠪᠯᠡᠯ ᠨᠢ 2003 ᠣᠨ ᠠᠴᠠ ᠬᠣᠶᠢᠰᠢ ᠬᠥᠭᠵᠢᠮ᠂ ᠳᠦᠷᠰᠦᠯᠡᠬᠦ ᠤᠷᠠᠯᠢᠭ᠂ ᠪᠦᠵᠢᠭ᠂ ᠺᠢᠨᠣ᠋᠂ ᠮᠧᠳᠢᠶᠠ ᠤᠷᠠᠯᠢᠭ ᠢᠶᠠᠷ ᠳᠠᠮᠵᠢᠭᠤᠯᠤᠨ ᠬᠡᠦᠬᠡᠳ ᠦᠨ ᠲᠠᠨᠢᠨ ᠮᠡᠳᠡᠬᠦᠢ ᠶᠢ ᠳᠡᠭᠡᠭᠰᠢᠯᠡᠭᠦᠯᠬᠦ᠂ ᠪᠦᠲᠦᠭᠡᠯᠴᠢ ᠰᠡᠳᠬᠢᠯᠭᠡ ᠲᠡᠢ ᠬᠤᠪᠢ ᠬᠦᠮᠦᠨ ᠪᠣᠯᠭᠠᠨ ᠲᠥᠯᠦᠪᠰᠢᠭᠦᠯᠬᠦ ᠵᠣᠷᠢᠯᠭ᠎ᠠ ᠲᠠᠢ《ᠤᠷᠠᠯᠢᠭ ᠬᠥᠭᠵᠢᠯ ᠦᠨ ᠲᠥᠯᠥᠭᠡ》ᠲᠥᠰᠥᠯ ᠢ ᠰᠠᠨᠠᠭᠠᠴᠢᠯᠠᠨ ᠬᠡᠷᠡᠭᠵᠢᠭᠦᠯᠵᠦ ᠢᠷᠡᠭᠰᠡᠨ᠃ ᠲᠠᠬᠤᠯ  ᠨᠢᠭᠤᠷᠯᠠᠭᠰᠠᠨ 2021 ᠣᠨ ᠳᠤ《ᠤᠷᠠᠯᠢᠭ ᠬᠥᠭᠵᠢᠯ ᠦᠨ ᠲᠥᠯᠥᠭᠡ》ᠬᠥᠭᠵᠢᠮ ᠦᠨ ᠪᠣᠯᠪᠠᠰᠤᠷᠠᠯ ᠣᠯᠭᠣᠬᠤ ᠲᠥᠰᠥᠯ ᠢ ᠭᠡᠷ ᠡᠴᠡ ᠪᠡᠨ ᠰᠤᠷᠤᠯᠴᠠᠵᠤ ᠪᠤᠢ ᠬᠡᠦᠬᠡᠳ᠂ ᠵᠠᠯᠠᠭᠤᠰ ᠲᠤ ᠵᠣᠷᠢᠭᠤᠯᠵᠤ ᠴᠠᠬᠢᠮ ᠬᠥᠲᠥᠯᠪᠦᠷᠢ ᠪᠣᠯᠭᠠᠨ ᠥᠷᠭᠡᠵᠢᠭᠦᠯᠦᠨ ᠬᠦᠷᠭᠡᠵᠦ ᠪᠠᠶᠢᠨ᠎ᠠ᠃

ᠮᠣᠩᠭᠣᠯ ᠤᠨ ᠤᠷᠠᠯᠢᠭ ᠤᠨ ᠵᠥᠪᠯᠡᠯ ᠨᠢ ᠲᠡᠭᠦᠯᠳᠡᠷ ᠬᠤᠭᠤᠷᠴᠢ᠂ ᠬᠥᠭᠵᠢᠮ ᠦᠨ ᠪᠠᠭᠰᠢ ᠲ ∙ ᠫᠦᠷᠪᠦᠰᠦ᠋ᠬᠡ ᠲᠡᠢ ᠬᠠᠮᠲᠤᠷᠠᠨ ᠳᠡᠯᠡᠬᠡᠢ ᠶᠢᠨ ᠪᠣᠯᠤᠨ ᠮᠣᠩᠭᠣᠯ ᠤᠨ ᠬᠥᠭᠵᠢᠮ ᠦᠨ ᠵᠣᠬᠢᠶᠠᠯᠴᠢᠳ ᠤᠨ ᠭᠤᠷᠪᠠᠨ ᠪᠦᠲᠦᠭᠡᠯ ᠢ ᠰᠣᠩᠭᠣᠵᠤ᠂ ᠭᠤᠷᠪᠠᠨ ᠴᠤᠪᠤᠷᠠᠯ ᠸᠢᠳᠢᠣ᠋ ᠬᠢᠴᠢᠶᠡᠯ ᠢ ᠲᠠᠶᠢᠯᠪᠤᠷᠢ ᠲᠠᠢ ᠪᠠᠷ ᠪᠡᠯᠡᠳᠬᠡᠯ᠎ᠡ᠃ ᠬᠢᠴᠢᠶᠡᠯ ᠲᠤᠰ ᠪᠦᠷᠢ ᠳᠦ ᠲᠤᠬᠠᠢ ᠶᠢᠨ ᠬᠥᠭᠵᠢᠮ ᠦᠨ ᠵᠣᠬᠢᠶᠠᠯᠴᠢ ᠶᠢᠨ ᠮᠡᠳᠡᠭᠡᠯᠡᠯ᠂ ᠪᠦᠲᠦᠭᠡᠯ ᠦᠨ ᠣᠨᠴᠠᠯᠢᠭ ᠠᠭᠤᠯᠭ᠎ᠠ᠂ ᠲᠣᠭᠯᠠᠭᠳᠠᠵᠤ ᠪᠤᠢ ᠬᠥᠭᠵᠢᠮ ᠦᠨ ᠵᠢᠮᠰᠡᠭ ᠦᠳ ᠢ ᠬᠡᠦᠬᠡᠳ ᠦᠨ ᠨᠠᠰᠤ᠂ ᠰᠡᠳᠬᠢᠬᠦᠢ ᠳᠦ ᠨᠡᠶᠢᠴᠡᠭᠦᠯᠦᠨ ᠮᠡᠷᠭᠡᠵᠢᠯ ᠦᠨ ᠬᠥᠭᠵᠢᠮᠴᠢᠳ ᠲᠣᠭᠯᠠᠵᠤ ᠦᠵᠡᠭᠦᠯᠦᠭᠰᠡᠨ᠃ ᠮᠣᠩᠭᠣᠯ ᠤᠨ ᠤᠷᠠᠯᠢᠭ ᠤᠨ ᠵᠥᠪᠯᠡᠯ ᠨᠢ ᠡᠨᠡ ᠬᠦ ᠬᠢᠴᠢᠶᠡᠯ ᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ 30 ᠰᠤᠷᠭᠠᠭᠤᠯᠢ ᠶᠢᠨ ᠬᠥᠭᠵᠢᠮ ᠦᠨ ᠪᠠᠭᠰᠢ ᠨᠠᠷ ᠲᠤ ᠲᠠᠷᠬᠠᠭᠠᠨ᠂ ᠠᠬᠠᠯᠠᠬᠤ᠂ ᠳᠤᠮᠳᠠ ᠠᠩᠬᠢ ᠶᠢᠨ ᠳᠠᠭᠤᠤ ᠬᠥᠭᠵᠢᠮ ᠦᠨ ᠬᠢᠴᠢᠶᠡᠯ ᠢᠶᠡᠷ ᠬᠡᠦᠬᠡᠳ ᠦᠳ ᠲᠦ ᠴᠠᠬᠢᠮ ᠢᠶᠠᠷ ᠣᠷᠣᠵᠤ᠂ ᠬᠥᠭᠵᠢᠮ ᠦᠨ ᠪᠣᠯᠪᠠᠰᠤᠷᠠᠯ ᠢ ᠳᠡᠭᠡᠭᠰᠢᠯᠡᠭᠦᠯᠦᠨ ᠠᠵᠢᠯᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ