ᠵᠠᠰᠠᠭ ᠤᠨ ᠭᠠᠵᠠᠷ ᠠᠴᠠ ᠷᠢᠤ᠋ ᠲᠢᠨᠲ᠋ᠤ᠋ ᠳᠦ ᠳᠠᠬᠢᠨ ᠵᠠᠬᠢᠳᠠᠯ ᠪᠢᠴᠢᠵᠡᠢ | News.MN

ᠵᠠᠰᠠᠭ ᠤᠨ ᠭᠠᠵᠠᠷ ᠠᠴᠠ ᠷᠢᠤ᠋ ᠲᠢᠨᠲ᠋ᠤ᠋ ᠳᠦ ᠳᠠᠬᠢᠨ ᠵᠠᠬᠢᠳᠠᠯ ᠪᠢᠴᠢᠵᠡᠢ

ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠷᠢᠤ᠋ ᠲᠢᠨᠲ᠋ᠤ᠋ ᠺᠣᠮᠫᠠᠨᠢ ᠶᠢᠨ ᠵᠡᠰ ᠦᠨ ᠭᠷᠦ᠋ᠫ ᠦᠨ ᠵᠠᠬᠢᠷᠤᠯ ᠪ∙ᠪᠤᠯᠤᠳ ᠲᠤ ᠵᠠᠬᠢᠳᠠᠯ  ᠢᠯᠡᠭᠡᠵᠦ᠂ ᠬᠡᠯᠡᠯᠴᠡᠭᠡᠨ ᠦ ᠮᠣᠩᠭᠣᠯ ᠲᠠᠯ᠎ᠠ ᠶᠢᠨ ᠠᠵᠢᠯ ᠤᠨ ᠬᠡᠰᠡᠭ ᠦᠨ ᠠᠬᠠᠯᠠᠭᠴᠢ᠂ ᠬᠠᠤᠯᠢ ᠵᠦᠢ ᠳᠣᠲᠣᠭᠠᠳᠤ ᠬᠡᠷᠡᠭ ᠦᠨ ᠰᠠᠶᠢᠳ ᠬ ∙ ᠨᠢᠮᠪᠠᠭᠠᠲᠤᠷ ᠤᠭ ᠵᠠᠬᠢᠳᠠᠯ ᠳᠤ ᠬᠡᠳᠦ ᠬᠡᠳᠦᠨ ᠬᠤᠷᠴᠠ ᠪᠠᠶᠢᠷᠢ ᠰᠠᠭᠤᠷᠢ ᠶᠢ ᠢᠯᠡᠷᠬᠡᠶᠢᠯᠡᠭᠰᠡᠨ ᠪᠠᠶᠢᠨ᠎ᠠ᠃ ᠡᠭᠦᠨ ᠳᠦ ᠪᠡᠨ᠄ ᠬᠡᠯᠡᠯᠴᠡᠭᠡᠨ ᠳᠦ ᠠᠬᠢᠴᠠ ᠭᠠᠷᠬᠤ ᠦᠭᠡᠢ ᠤᠳᠠᠵᠤ ᠪᠠᠶᠢᠨ᠎ᠠ᠃ ᠮᠣᠩᠭᠣᠯ ᠤᠨ ᠵᠠᠰᠠᠭ ᠤᠨ ᠭᠠᠵᠠᠷ ᠤᠨ ᠢᠲᠡᠭᠡᠯ ᠠᠯᠳᠠᠷᠠᠬᠤ ᠳᠥᠬᠦᠯ᠎ᠡ ᠭᠡᠰᠡᠨ ᠠᠭᠤᠯᠭ᠎ᠠ ᠲᠤᠰᠬᠠᠭᠰᠠᠨ ᠲᠠᠯ᠎ᠠ ᠪᠠᠷ Financial Times ᠲᠤ ᠮᠡᠳᠡᠭᠡᠯᠡᠵᠡᠢ᠃

ᠮᠦᠨ ᠵᠠᠬᠢᠳᠠᠯ ᠳᠤ᠄ ᠳᠠᠯᠳᠠ ᠠᠭᠤᠷᠬᠠᠢ ᠶᠢᠨ ᠵᠠᠷᠤᠳᠠᠯ ᠬᠡᠲᠦᠷᠡᠵᠦ᠂ ᠬᠤᠭᠤᠴᠠᠭ᠎ᠠ ᠬᠣᠶᠢᠰᠢᠯᠠᠭᠰᠠᠨ ᠤ ᠦᠷ᠎ᠡ ᠳᠠᠭᠠᠪᠤᠷᠢ ᠶᠢ ᠮᠣᠩᠭᠣᠯ ᠤᠯᠤᠰ ᠤᠨ ᠵᠠᠰᠠᠭ ᠤᠨ ᠭᠠᠵᠠᠷ ᠬᠢᠭᠡᠳ ᠮᠣᠩᠭᠣᠯᠴᠤᠳ ᠬᠦᠯᠢᠶᠡᠬᠦ ᠤᠴᠢᠷ ᠦᠭᠡᠢ᠃ ᠴᠠᠷ᠎ᠠ ᠲᠠᠬᠤᠯ ᠠᠴᠠ ᠡᠮᠦᠨ᠎ᠡ ᠳᠠᠯᠳᠠ ᠠᠭᠤᠷᠬᠠᠢ ᠠᠰᠢᠭᠯᠠᠯᠲᠠ ᠳᠤ ᠤᠷᠤᠴᠢᠬᠠᠬᠤ ᠪᠣᠯᠤᠮᠵᠢ ᠲᠠᠢ ᠪᠠᠶᠢᠭᠰᠠᠨ ᠭᠡᠵᠡᠢ᠃

ᠰᠡᠳᠬᠢᠭᠳᠡᠯ ᠦᠯᠡᠳᠡᠭᠡᠬᠦ