ᠡᠩᠬᠡ ᠶᠢ ᠰᠠᠬᠢᠭᠤᠯᠬᠤ ᠠᠵᠢᠯᠯᠠᠭᠠᠨ ᠤ ᠦᠵᠡᠯᠭᠡ ᠳᠦ ᠬᠠᠮᠤᠷᠤᠭᠳᠠᠯ᠎ᠠ | News.MN

ᠡᠩᠬᠡ ᠶᠢ ᠰᠠᠬᠢᠭᠤᠯᠬᠤ ᠠᠵᠢᠯᠯᠠᠭᠠᠨ ᠤ ᠦᠵᠡᠯᠭᠡ ᠳᠦ ᠬᠠᠮᠤᠷᠤᠭᠳᠠᠯ᠎ᠠ

ᠮᠣᠩᠭᠣᠯ ᠤᠯᠤᠰ ᠤᠨ ᠵᠡᠪᠰᠡᠭᠲᠦ ᠬᠦᠴᠦᠨ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠶᠢᠨ ᠡᠩᠬᠡ ᠶᠢ ᠰᠠᠬᠢᠭᠤᠯᠬᠤ ᠠᠵᠢᠯᠯᠠᠭᠠᠨ ᠤ ᠦᠵᠡᠯᠭᠡ ᠳᠦ ᠠᠮᠵᠢᠯᠲᠠ ᠲᠠᠢ ᠬᠠᠮᠤᠷᠤᠭᠳᠠᠵᠠᠢ᠃ ᠡᠨᠡ ᠲᠠᠯ᠎ᠠ ᠪᠠᠷ ᠠᠮᠧᠷᠢᠺᠠ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ  ᠶᠠᠮᠤᠨ ᠤ ᠮᠡᠳᠡᠭᠡᠯᠡᠭᠰᠡᠨ ᠢᠶᠡᠷ᠄ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠶᠢᠨ ᠡᠩᠬᠡ ᠶᠢ ᠰᠠᠬᠢᠭᠤᠯᠬᠤ ᠠᠵᠢᠯᠯᠠᠭᠠᠨ ᠤ ᠪᠡᠯᠡᠨ ᠪᠠᠶᠢᠳᠠᠯ ᠤᠨ ᠦᠵᠡᠯᠭᠡ ᠶᠢ ᠠᠮᠵᠢᠯᠲᠠ ᠲᠠᠢ ᠳᠠᠭᠤᠰᠬᠠᠭᠰᠠᠨ ᠮᠣᠩᠭᠣᠯ ᠤᠯᠤᠰ ᠤᠨ ᠵᠡᠪᠰᠡᠭᠲᠦ ᠬᠦᠴᠦᠨ ᠳᠦ ᠪᠠᠶᠠᠷ ᠬᠦᠷᠭᠡᠶ᠎ᠡ᠃ ᠠᠮᠧᠷᠢᠺᠠ ᠶᠢᠨ ᠠᠶᠤᠯᠭᠦᠢ ᠪᠠᠶᠢᠳᠠᠯ ᠤᠨ ᠬᠦᠴᠦᠨ ᠦ ᠲᠤᠰᠠᠯᠠᠬᠤ ᠲᠠᠪᠤᠳᠤᠭᠠᠷ ᠪᠠᠷᠢᠭᠠᠳᠠ ᠶᠢᠨ ᠬᠤᠪᠢ ᠳᠤ ᠮᠣᠩᠭᠣᠯ ᠴᠡᠷᠢᠭ ᠦᠳ ᠲᠡᠢ ᠬᠠᠮᠲᠤᠷᠠᠨ ᠦᠵᠡᠯᠭᠡ ᠶᠢᠨ ᠡᠮᠦᠨ᠎ᠡ ᠡᠩᠬᠡ ᠶᠢ ᠰᠠᠬᠢᠭᠤᠯᠬᠤ ᠴᠢᠳᠠᠪᠬᠢ ᠶᠢ ᠨᠢ ᠳᠡᠭᠡᠭᠰᠢᠯᠡᠭᠦᠯᠬᠦ ᠶᠢᠨ ᠲᠤᠯᠠᠳᠠ ᠡᠮᠨᠡᠯᠭᠡ ᠶᠢᠨ ᠲᠤᠰᠠᠯᠠᠮᠵᠢ ᠦᠵᠡᠭᠦᠯᠬᠦ᠂ ᠮᠢᠨᠦᠮᠢᠶᠣᠲ ᠤᠨ ᠪᠣᠯᠤᠨ ᠰᠠᠶᠢᠵᠢᠷᠠᠭᠤᠯᠤᠭᠰᠠᠨ ᠲᠡᠰᠦᠷᠡᠬᠦ ᠪᠥᠮᠪᠥᠭᠡ ᠶᠢ ᠢᠳᠡᠪᠬᠢ ᠦᠭᠡᠢ ᠪᠣᠯᠭᠠᠬᠤ ᠰᠤᠷᠭᠠᠯᠲᠠ ᠨᠤᠭᠤᠳ ᠢ ᠶᠠᠪᠤᠭᠤᠯᠤᠭᠰᠠᠨ ᠨᠢ ᠨᠡᠷ᠎ᠡ ᠲᠥᠷᠥ ᠶᠢᠨ ᠬᠡᠷᠡᠭ ᠪᠠᠶᠢᠪᠠ᠃

ᠪᠢᠳᠡ ᠬᠣᠶᠠᠷ ᠣᠷᠣᠨ ᠤ ᠵᠡᠪᠰᠡᠭᠲᠦ ᠬᠦᠴᠦᠨ ᠦ ᠪᠠᠲᠤ ᠪᠡᠬᠢ ᠲᠦᠩᠰᠢᠯᠡᠯ ᠢᠶᠡᠷ ᠪᠠᠬᠠᠷᠬᠠᠵᠤ᠂ ᠳᠡᠯᠡᠬᠡᠢ ᠳ᠋ᠠᠬᠢᠨ ᠳ᠋ᠠᠬᠢ ᠡᠩᠬᠡ ᠶᠢ ᠰᠠᠬᠢᠭᠤᠯᠬᠤ ᠠᠵᠢᠯᠯᠠᠭᠠᠨ ᠳᠤ ᠮᠣᠩᠭᠣᠯ ᠤᠯᠤᠰ ᠤᠨ ᠵᠡᠪᠰᠡᠭᠲᠦ ᠬᠦᠴᠦᠨ ᠲᠤᠤᠱᠲᠠᠢ ᠳᠡᠮᠵᠢᠯᠭᠡ ᠦᠵᠡᠭᠦᠯᠵᠦ ᠪᠠᠢᠭ᠎ᠠ ᠳᠤ ᠲᠠᠯᠠᠷᠬᠠᠵᠤ ᠪᠠᠶᠢᠨ᠎ᠠ᠃ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠶᠢᠨ ᠡᠩᠬᠡ ᠶᠢ ᠰᠠᠬᠢᠭᠤᠯᠬᠤ ᠴᠢᠨᠠᠭᠰᠢᠳᠠ ᠶᠢᠨ ᠦᠢᠯᠡ ᠠᠵᠢᠯᠯᠠᠭᠠᠨ ᠳᠤ ᠤᠷᠤᠯᠴᠠᠬᠤ ᠪᠡᠯᠡᠳᠬᠡᠯ ᠬᠠᠩᠭᠠᠨ ᠠᠵᠢᠯᠯᠠᠵᠤ ᠪᠤᠢ ᠮᠣᠩᠭᠣᠯ ᠤᠯᠤᠰ ᠤᠨ ᠵᠡᠪᠰᠡᠭᠲᠦ ᠬᠦᠴᠦᠨ ᠦ ᠬᠦᠴᠦᠨ ᠴᠢᠷᠮᠠᠶᠢᠯᠲᠠ ᠶᠢ ᠠᠮᠧᠷᠢᠺᠠ ᠳᠡᠮᠵᠢᠭᠰᠡᠭᠡᠷ ᠬᠡᠪ ᠢᠶᠡᠷ ᠪᠠᠶᠢᠬᠤ ᠪᠣᠯᠤᠨ᠎ᠠ ᠭᠡᠵᠡᠢ᠃

ᠰᠡᠳᠬᠢᠭᠳᠡᠯ ᠦᠯᠡᠳᠡᠭᠡᠬᠦ