ᠤᠯᠤᠰ ᠤᠨ ᠶᠡᠬᠡ ᠬᠤᠷᠠᠯ ᠤᠨ ᠴᠢᠭᠤᠯᠭᠠᠨ ᠤ ᠥᠨᠥᠳᠥᠷ ᠦᠨ ᠦᠳᠡ ᠡᠴᠡ ᠬᠣᠶᠢᠰᠢᠬᠢ ᠬᠤᠷᠠᠯᠳᠤᠭᠠᠨ ᠳᠤ ᠬᠦᠨᠡᠰᠦ ᠬᠥᠳᠡᠭᠡ ᠠᠵᠤ ᠠᠬᠤᠢ ᠬᠥᠩᠭᠡᠨ ᠦᠢᠯᠡᠳᠪᠦᠷᠢ ᠶᠢᠨ ᠶᠠᠮᠤᠨ ᠤ ᠰᠠᠶᠢᠳ ᠽ ∙ ᠮᠡᠨᠳᠦᠰᠠᠶᠢᠬᠠᠨ ᠨᠠᠮᠤᠷ ᠤᠨ ᠤᠷᠭᠤᠴᠠ ᠬᠤᠷᠢᠶᠠᠯᠲᠠ ᠶᠢᠨ ᠲᠠᠯ᠎ᠠ ᠪᠠᠷ ᠮᠡᠳᠡᠭᠡᠯᠡᠯ ᠬᠢᠯ᠎ᠡ᠃ ᠡᠨᠡ ᠨᠠᠮᠤᠷ 559.0 ᠮᠢᠩᠭᠠᠨ ᠲᠣᠨ ᠤᠯᠠᠭᠠᠨ ᠪᠤᠭᠤᠳᠠᠢ᠂ 198.8 ᠮᠢᠩᠭᠠᠨ ᠲᠣᠨ ᠲᠥᠮᠦᠰᠦ᠂ 117.0 ᠮᠢᠩᠭᠠᠨ ᠲᠣᠨ ᠬᠦᠨᠡᠰᠦᠨ ᠦ ᠨᠣᠭᠣᠭ᠎ᠠ᠂ 64.0 ᠮᠢᠩᠭᠠᠨ ᠲᠣᠨ ᠲᠣᠰᠤᠨ ᠤ ᠤᠷᠭᠤᠮᠠᠯ᠂ 203.0 ᠮᠢᠩᠭᠠᠨ ᠲᠣᠨ ᠮᠠᠯ ᠤᠨ ᠲᠡᠵᠢᠭᠡᠯ ᠦᠨ ᠤᠷᠭᠤᠮᠠᠯ ᠲᠤᠰ ᠲᠤᠰ ᠬᠤᠷᠢᠶᠠᠨ ᠠᠪᠬᠤ ᠲᠥᠯᠦᠪ ᠭᠠᠷᠴᠠᠢ᠃
ᠤᠷᠭᠤᠴᠠ ᠬᠤᠷᠢᠶᠠᠯᠲᠠ ᠶᠢᠰᠦᠳᠦᠭᠡᠷ ᠰᠠᠷ᠎ᠠ ᠶᠢᠨ 15 ᠠᠴᠠ ᠡᠬᠢᠯᠡᠵᠦ ᠥᠨᠥᠳᠥᠷ ᠦᠨ ᠪᠠᠶᠢᠳᠠᠯ ᠢᠶᠠᠷ 63 ᠮᠢᠩᠭᠠᠨ ᠭᠠ ᠲᠠᠯᠠᠪᠠᠢ ᠶᠢ ᠠᠩᠭᠢᠯᠠᠨ ᠬᠠᠳᠤᠵᠤ᠂ 210 ᠮᠢᠩᠭᠠᠨ ᠭᠠ ᠠᠴᠠ 310 ᠮᠢᠩᠭᠠᠨ ᠲᠣᠨ ᠦᠷ᠎ᠡ ᠲᠠᠷᠢᠶ᠎ᠠ᠂ ᠡᠭᠦᠨ ᠡᠴᠡ 293 ᠮᠢᠩᠭᠠᠨ ᠲᠣᠨ ᠤᠯᠠᠭᠠᠨ ᠪᠤᠭᠤᠳᠠᠢ᠂ 15.2 ᠮᠢᠩᠭᠠᠨ ᠭᠠ ᠠᠴᠠ 145 ᠮᠢᠩᠭᠠᠨ ᠲᠣᠨ ᠲᠥᠮᠥᠰᠥ᠂ 7.3 ᠮᠢᠩᠭᠠᠨ ᠭᠠ ᠠᠴᠠ 92 ᠮᠢᠩᠭᠠᠨ ᠲᠣᠨ ᠬᠦᠨᠡᠰᠦᠨ ᠦ ᠨᠣᠭᠣᠭ᠎ᠠ᠂ 30 ᠮᠢᠩᠭᠠᠨ ᠭᠠ ᠠᠴᠠ 86.0 ᠮᠢᠩᠭᠠᠨ ᠲᠣᠨ ᠲᠡᠵᠢᠭᠡᠯ ᠦᠨ ᠤᠷᠭᠤᠮᠠᠯ᠂ 30 ᠮᠢᠩᠭᠠᠨ ᠭᠠ ᠠᠴᠠ 17 ᠮᠢᠩᠭᠠᠨ ᠲᠣᠨ ᠲᠣᠰᠤᠨ ᠤ ᠤᠷᠭᠤᠮᠠᠯ ᠲᠤᠰ ᠲᠤᠰ ᠬᠤᠷᠢᠶᠠᠨ ᠠᠪᠴᠠᠢ᠃ ᠢᠩᠭᠢᠭᠰᠡᠨ ᠢᠶᠡᠷ ᠦᠷ᠎ᠡ ᠲᠠᠷᠢᠶᠠᠨ ᠤ ᠬᠤᠷᠢᠶᠠᠯᠲᠠ 52.3 ᠬᠤᠪᠢ ᠲᠠᠢ᠂ ᠲᠥᠮᠦᠰᠦ᠂ ᠬᠦᠨᠡᠰᠦᠨ ᠦ ᠨᠣᠭᠣᠭᠠᠨ ᠤ ᠬᠤᠷᠢᠶᠠᠯᠲᠠ 76.4-77.3 ᠬᠤᠪᠢ ᠲᠠᠢ᠂ ᠲᠡᠵᠢᠭᠡᠯ ᠦᠨ ᠪᠣᠯᠤᠨ ᠲᠣᠰᠤᠨ ᠤ ᠤᠷᠭᠤᠮᠠᠯ ᠤᠨ ᠬᠤᠷᠢᠶᠠᠯᠲᠠ 30.6 ᠬᠤᠪᠢ ᠶᠢᠨ ᠶᠠᠪᠤᠴᠠ ᠲᠠᠢ ᠪᠠᠶᠢᠭ᠎ᠠ ᠠᠵᠠᠢ᠃