ᠠᠮᠧᠷᠢᠺᠠ ᠶᠢᠨ ᠶᠡᠬᠡ ᠰᠤᠷᠭᠠᠭᠤᠯᠢ ᠨᠤᠭᠤᠳ ᠲᠠᠢ ᠬᠠᠮᠲᠤᠷᠠᠨ ᠠᠵᠢᠯᠯᠠᠨ᠎ᠠ | News.MN

ᠠᠮᠧᠷᠢᠺᠠ ᠶᠢᠨ ᠶᠡᠬᠡ ᠰᠤᠷᠭᠠᠭᠤᠯᠢ ᠨᠤᠭᠤᠳ ᠲᠠᠢ ᠬᠠᠮᠲᠤᠷᠠᠨ ᠠᠵᠢᠯᠯᠠᠨ᠎ᠠ

ᠪᠣᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ ᠤ ᠰᠠᠶᠢᠳ ᠯ ∙ ᠡᠩᠬᠡ-ᠠᠮᠤᠭᠤᠯᠠᠩ᠂ ᠮᠣᠩᠭᠣᠯ ᠤᠯᠤᠰ ᠠᠴᠠ ᠠᠮᠧᠷᠢᠺᠠ  ᠳᠤ ᠰᠠᠭᠤᠬᠤ ᠡᠯᠴᠢᠨ ᠰᠠᠶᠢᠳ ᠥ᠊∙ᠪᠠᠲᠤᠪᠠᠶᠠᠷ ᠢ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠪᠠᠷ ᠬᠣᠶᠠᠷ ᠣᠷᠣᠨ ᠤ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠯᠪᠤᠷᠢ ᠶᠢ ᠬᠣᠯᠪᠣᠭᠴᠢ ᠭᠦᠭᠦᠷᠭᠡ ᠪᠣᠯᠵᠤ ᠠᠵᠢᠯᠯᠠᠬᠤ ᠶᠢ ᠬᠦᠰᠡᠭᠡᠳ ᠬᠠᠮᠲᠤ ᠶᠢᠨ ᠠᠵᠢᠯᠯᠠᠭᠠᠨ ᠤ ᠬᠡᠳᠦ ᠬᠡᠳᠦᠨ ᠰᠠᠨᠠᠯ ᠤᠳ ᠢ ᠲᠠᠯᠪᠢᠭᠰᠠᠨ ᠪᠠᠶᠢᠨ᠎ᠠ᠃ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠬᠣᠶᠠᠳᠠᠭᠴᠢ ᠬᠡᠯᠡ ᠶᠢ ᠠᠩᠭᠯᠢ ᠬᠡᠯᠡ ᠪᠣᠯᠭᠠᠬᠤ ᠵᠣᠷᠢᠯᠲᠠ ᠳᠡᠪᠰᠢᠭᠦᠯᠦᠭᠰᠡᠨ ᠲᠡᠢ ᠬᠣᠯᠪᠣᠭᠳᠠᠭᠤᠯᠤᠨ ᠠᠩᠭᠯᠢ ᠬᠡᠯᠡᠨ ᠦ ᠰᠠᠶᠢᠨ ᠳᠤᠷ᠎ᠠ ᠶᠢᠨ ᠪᠠᠭᠰᠢ ᠶᠢ ᠤᠷᠢᠵᠤ᠂ ᠠᠵᠢᠯᠯᠠᠬᠤ ᠪᠣᠯᠤᠮᠵᠢ ᠶᠢ ᠪᠦᠷᠢᠳᠦᠭᠦᠯᠬᠦ ᠳᠦ ᠠᠩᠬᠠᠷᠴᠤ ᠠᠵᠢᠯᠯᠠᠬᠤ ᠶᠢ ᠬᠦᠰᠡᠪᠡ᠃

ᠶᠡᠬᠡ᠂ ᠳᠡᠭᠡᠳᠦ ᠰᠤᠷᠭᠠᠭᠤᠯᠢ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠮᠥᠷ ᠦᠨ ᠬᠥᠲᠥᠯᠪᠦᠷᠢ ᠳᠦ ᠲᠤᠰᠠᠭᠰᠠᠨ 《ᠬᠤᠷᠢᠨ ᠨᠢᠭᠡᠳᠦᠭᠡᠷ ᠵᠠᠭᠤᠨ ᠤ ᠮᠣᠩᠭᠣᠯ ᠵᠠᠯᠠᠭᠤ-2100》 ᠬᠥᠲᠥᠯᠪᠦᠷᠢ᠂ ᠶᠡᠷᠦᠩᠬᠡᠢ ᠰᠠᠶᠢᠳ ᠤᠨ ᠨᠡᠷᠡᠮᠵᠢᠲᠦ ᠲᠡᠳᠭᠦᠯᠭᠡᠲᠦ ᠬᠥᠲᠥᠯᠪᠦᠷᠢ ᠶᠢᠨ ᠵᠣᠷᠢᠯᠲᠠ ᠶᠢᠨ ᠬᠦᠷᠢᠶᠡᠨ ᠳᠦ ᠭᠠᠳᠠᠭᠠᠳᠤ ᠤᠯᠤᠰ ᠣᠷᠣᠨ ᠨᠤᠭᠤᠳ ᠲᠤ ᠪᠠᠺᠠᠯᠠᠪᠠᠷ᠂ ᠮᠠᠭᠢᠰᠲ᠋ᠷ᠂ ᠳ᠋ᠣᠺᠲ᠋ᠣᠷ ᠤᠨ ᠲᠦᠪᠰᠢᠨ ᠳᠦ ᠣᠶᠤᠲᠠᠨ ᠰᠤᠷᠤᠯᠴᠠᠭᠤᠯᠬᠤ ᠳᠤ ᠳᠡᠮᠵᠢᠯᠭᠡ ᠦᠵᠡᠭᠦᠯᠵᠦ᠂ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠢᠶᠡᠷ ᠰᠤᠷᠭᠠᠬᠤ ᠳᠤ ᠠᠩᠬᠠᠷᠬᠤ ᠶᠢ ᠮᠥᠨ ᠡᠯᠴᠢᠨ ᠰᠠᠶᠢᠳ ᠲᠤ ᠰᠠᠨᠠᠭᠤᠯᠤᠯ᠎ᠠ᠃ ᠥᠨᠥᠳᠥᠷ ᠦᠨ ᠪᠠᠶᠢᠳᠠᠯ ᠢᠶᠠᠷ ᠠᠮᠧᠷᠢᠺᠠ  ᠳᠦ 2972 ᠮᠣᠩᠭᠣᠯ ᠣᠶᠤᠲᠠᠨ ᠰᠤᠷᠤᠯᠴᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ