ᠮᠣᠩᠭᠣᠯ᠂ ᠦᠺᠷᠠᠶᠢᠨ ᠤ ᠪᠢᠽᠢᠨᠧᠰ ᠡᠷᠬᠢᠯᠡᠭᠴᠢᠳ ᠴᠠᠬᠢᠮ ᠢᠶᠠᠷ ᠠᠭᠤᠯᠵᠠᠨ᠎ᠠ | News.MN

ᠮᠣᠩᠭᠣᠯ᠂ ᠦᠺᠷᠠᠶᠢᠨ ᠤ ᠪᠢᠽᠢᠨᠧᠰ ᠡᠷᠬᠢᠯᠡᠭᠴᠢᠳ ᠴᠠᠬᠢᠮ ᠢᠶᠠᠷ ᠠᠭᠤᠯᠵᠠᠨ᠎ᠠ

ᠮᠣᠩᠭᠣᠯ-ᠦᠺᠷᠠᠶᠢᠨ ᠤ ᠴᠠᠬᠢᠮ ᠪᠢᠽᠢᠨᠧᠰ ᠠᠭᠤᠯᠵᠠᠯᠲᠠ 《ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠬᠡᠲᠦ ᠶᠢᠨ ᠲᠥᠯᠥᠪ》 ᠰᠡᠳᠦᠪ ᠢᠶᠡᠷ ᠮᠠᠷᠭᠠᠰᠢ ᠪᠤᠯᠵᠤ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠦᠺᠷᠠᠶᠢᠨ ᠤ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠲᠠᠢ ᠬᠠᠮᠲᠤᠷᠠᠨ ᠬᠣᠶᠠᠷ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠳᠡᠮᠵᠢᠯᠭᠡ ᠲᠡᠢ ᠵᠣᠬᠢᠶᠠᠨ ᠪᠠᠶᠢᠭᠤᠯᠬᠤ ᠤᠭ ᠠᠭᠤᠯᠵᠠᠯᠲᠠ ᠪᠠᠷ ᠬᠠᠮᠲᠤ ᠶᠢᠨ ᠠᠵᠢᠯᠯᠠᠭᠠᠨ ᠤ ᠰᠢᠨ᠎ᠡ ᠪᠣᠯᠤᠮᠵᠢ ᠶᠢᠨ ᠲᠠᠯ᠎ᠠ ᠪᠠᠷ ᠬᠡᠯᠡᠯᠴᠡᠨ᠎ᠡ᠃
ᠦᠺᠷᠠᠶᠢᠨ ᠤ ᠬᠥᠳᠡᠭᠡ ᠠᠵᠤ ᠠᠬᠤᠢ᠂ ᠬᠦᠨᠡᠰᠦ᠂ ᠡᠷᠴᠢᠮ ᠬᠦᠴᠦ᠂ ᠠᠭᠤᠯᠠ ᠠᠭᠤᠷᠬᠠᠢ ᠶᠢᠨ ᠰᠠᠯᠪᠤᠷᠢ ᠶᠢᠨ ᠺᠣᠮᠫᠠᠨᠢ ᠨᠤᠭᠤᠳ ᠴᠠᠬᠢᠮ ᠢᠶᠠᠷ ᠬᠠᠷᠢᠯᠴᠠᠬᠤ ᠲᠤᠯᠠ ᠮᠣᠩᠭᠣᠯ ᠤᠨ ᠠᠵᠤ ᠠᠬᠤᠢ ᠶᠢᠨ ᠨᠢᠭᠡᠴᠡ ᠨᠦᠭᠦᠳ ᠢ ᠥᠷᠭᠡᠨ ᠢᠶᠡᠷ ᠣᠷᠣᠯᠴᠠᠬᠤ ᠶᠢ ᠤᠷᠢᠯ᠎ᠠ᠃

ᠰᠡᠳᠬᠢᠭᠳᠡᠯ ᠦᠯᠡᠳᠡᠭᠡᠬᠦ