ᠮᠣᠩᠭᠣᠯ᠂ ᠰᠯᠣᠸᠧᠨᠢ ᠬᠤᠭᠤᠷᠤᠨᠳᠤ ᠠᠦ᠋ᠲ᠋ᠣ᠋ ᠵᠠᠮ ᠢᠶᠠᠷ ᠵᠣᠷᠴᠢᠭᠴᠢ ᠪᠣᠯᠤᠨ ᠪᠠᠷᠠᠭ᠎ᠠ ᠲᠡᠭᠡᠭᠡᠪᠦᠷᠢᠯᠡᠬᠦ ᠪᠣᠯᠤᠮᠵᠢ ᠲᠠᠢ ᠪᠣᠯᠤᠯ᠎ᠠ | News.MN

ᠮᠣᠩᠭᠣᠯ᠂ ᠰᠯᠣᠸᠧᠨᠢ ᠬᠤᠭᠤᠷᠤᠨᠳᠤ ᠠᠦ᠋ᠲ᠋ᠣ᠋ ᠵᠠᠮ ᠢᠶᠠᠷ ᠵᠣᠷᠴᠢᠭᠴᠢ ᠪᠣᠯᠤᠨ ᠪᠠᠷᠠᠭ᠎ᠠ ᠲᠡᠭᠡᠭᠡᠪᠦᠷᠢᠯᠡᠬᠦ ᠪᠣᠯᠤᠮᠵᠢ ᠲᠠᠢ ᠪᠣᠯᠤᠯ᠎ᠠ

ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠢᠶᠠᠷ《ᠠᠦ᠋ᠲ᠋ᠣ᠋ ᠵᠠᠮ ᠢᠶᠠᠷ ᠣᠯᠠᠨ ᠤᠯᠤᠰ ᠤᠨ ᠵᠣᠷᠴᠢᠭᠴᠢ ᠪᠣᠯᠤᠨ ᠠᠴᠢᠶ᠎ᠠ ᠲᠡᠭᠡᠭᠡᠪᠦᠷᠢᠯᠡᠬᠦ ᠲᠤᠬᠠᠢ ᠮᠣᠩᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠶᠢᠷᠠᠮᠳᠠᠬᠤ ᠰᠯᠣᠸᠧᠨᠢ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ》 ᠢ ᠪᠠᠲᠤᠯᠠᠵᠠᠢ᠃
ᠥᠩᠭᠡᠷᠡᠭᠰᠡᠨ ᠨᠠᠢ᠌ᠮᠠᠳᠤᠭᠠᠷ ᠰᠠᠷ᠎ᠠ ᠳᠤ ᠠᠦ᠋ᠲ᠋ᠣ᠋ ᠵᠠᠮ ᠢᠶᠠᠷ ᠣᠯᠠᠨ ᠤᠯᠤᠰ ᠤᠨ ᠵᠣᠷᠴᠢᠭᠴᠢ ᠪᠣᠯᠤᠨ ᠠᠴᠢᠶ᠎ᠠ ᠲᠡᠭᠡᠭᠡᠪᠦᠷᠢᠯᠡᠬᠦ ᠲᠤᠬᠠᠢ  ᠬᠤᠶᠠᠷ ᠤᠯᠤᠰ ᠤᠨ ᠵᠠᠰᠠᠭ ᠤᠨ ᠭᠠᠵᠠᠷ ᠤᠨ ᠬᠡᠯᠡᠯᠴᠡᠭᠡᠷ ᠪᠠᠢᠭᠤᠯᠵᠤ᠂ ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠰᠯᠣᠸᠧᠨᠢ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠭ∙ᠪᠠᠲᠤᠲᠤᠩᠭᠠᠯᠠᠭ᠂ ᠰᠯᠣᠸᠧᠨᠢ ᠶᠢᠨ ᠭᠠᠳᠠᠭᠠᠳᠤ ᠬᠡᠷᠡᠭ ᠦᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠰᠲ᠋ᠠᠨᠢᠰᠯᠠᠪ  ᠷᠠᠱᠴᠠᠨ ᠯᠢᠦ᠋ᠪᠯᠠᠶᠠᠨᠠ ᠬᠤᠲᠠ ᠳᠤ ᠭᠠᠷ ᠤᠨ ᠦᠰᠦᠭ ᠵᠢᠷᠤᠭᠰᠠᠨ ᠪᠠᠶᠢᠨ᠎ᠠ᠃ ᠢᠩᠭᠢᠭᠰᠡᠨ ᠢᠶᠡᠷ ᠮᠣᠩᠭᠣᠯ᠂ ᠰᠯᠣᠸᠧᠨᠢ ᠬᠣᠭᠣᠷᠣᠨᠳᠣ ᠰᠢᠭᠤᠳ ᠲᠡᠭᠡᠭᠡᠪᠦᠷᠢᠯᠡᠯᠲᠡ ᠬᠢᠭᠳᠡᠵᠦ᠂ ᠬᠤᠳᠠᠯᠳᠤᠭᠠᠨ ᠤ ᠡᠷᠭᠢᠯᠲᠡ ᠡᠷᠴᠢᠮᠲᠡᠢ ᠥᠰᠬᠦ ᠪᠣᠯᠤᠮᠵᠢ ᠪᠥᠷᠢᠳᠴᠦ ᠪᠠᠶᠢᠨ᠎ᠠ᠃

ᠰᠡᠳᠬᠢᠭᠳᠡᠯ ᠦᠯᠡᠳᠡᠭᠡᠬᠦ