ᠮᠣᠩᠭᠣᠯ᠂ ᠠᠽᠧᠷᠪᠠᠶᠢᠵᠠᠨ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠪᠠᠢᠭᠤᠯᠪᠠ | News.MN

ᠮᠣᠩᠭᠣᠯ᠂ ᠠᠽᠧᠷᠪᠠᠶᠢᠵᠠᠨ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠪᠠᠢᠭᠤᠯᠪᠠ

ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠪᠦᠭᠦᠳᠡ ᠨᠠᠶᠢᠷᠠᠮᠳᠠᠬᠤ ᠠᠽᠧᠷᠪᠠᠶᠢᠵᠠᠨ ᠤᠯᠤᠰ ᠤᠨ ᠡᠳ᠋  ᠦᠨ ᠵᠠᠰᠠᠭ ᠤᠨ ᠰᠠᠶᠢᠳ ᠮᠢᠺᠠᠢᠯ ᠵᠠᠪᠪᠠᠷᠤᠸ᠋ ᠲᠠᠢ ᠥᠴᠥᠭᠡᠳᠦᠷ ᠴᠠᠬᠢᠮ ᠢᠶᠠᠷ ᠠᠭᠤᠯᠵᠠᠵᠤ᠂ ᠬᠤᠳᠠᠯᠳᠤᠭ᠎ᠠ᠂ ᠡᠳ᠋  ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠲᠤᠬᠠᠢ ᠮᠣᠩᠭᠣᠯ᠂ ᠠᠽᠧᠷᠪᠠᠶᠢᠵᠠᠨ ᠤ ᠬᠣᠭᠣᠷᠣᠨᠳᠣ ᠶᠢᠨ ᠬᠡᠯᠡᠯᠴᠡᠭᠡᠷ ᠲᠦ ᠭᠠᠷ ᠤᠨ ᠦᠰᠦᠭ ᠵᠢᠷᠤᠪᠠ᠃
ᠡᠨᠡ ᠬᠦ ᠬᠡᠯᠡᠯᠴᠡᠭᠡᠷ ᠢ ᠪᠠᠶᠢᠭᠤᠯᠤᠭᠰᠠᠨ ᠢᠶᠠᠷ ᠬᠣᠶᠠᠷ ᠤᠯᠤᠰ ᠤᠨ ᠬᠤᠳᠠᠯᠳᠤᠭ᠎ᠠ᠂ ᠡᠳ᠋ ᠦᠨ ᠵᠠᠰᠠᠭ ᠤᠨ ᠬᠠᠷᠢᠯᠴᠠᠭ᠎ᠠ ᠶᠢ ᠥᠷᠭᠡᠵᠢᠭᠦᠯᠬᠦ᠂ ᠬᠥᠭᠵᠢᠯ ᠦᠨ ᠴᠢᠨᠠᠭᠰᠢᠳᠠ ᠶᠢᠨ ᠰᠢᠨ᠎ᠡ ᠪᠣᠯᠤᠮᠵᠢ ᠶᠢ ᠲᠣᠳᠣᠷᠬᠠᠶᠢᠯᠠᠬᠤ᠂ ᠬᠡᠯᠡᠯᠴᠡᠭᠡᠷ ᠢ ᠬᠡᠷᠡᠭᠵᠢᠭᠦᠯᠬᠦ ᠶᠠᠪᠤᠴᠠ ᠳᠤ ᠡᠭᠦᠰᠴᠦ ᠪᠣᠯᠬᠤ ᠠᠯᠢᠪᠠ ᠪᠡᠷᠬᠡᠰᠢᠶᠡᠯ ᠢ ᠠᠷᠢᠯᠭᠠᠬᠤ ᠡᠭᠦᠷᠭᠡ ᠪᠦᠬᠦᠢ ᠬᠠᠮᠲᠤᠷᠠᠭᠰᠠᠨ ᠮᠡᠷᠭᠡᠵᠢᠯᠲᠡᠨ ᠦ ᠠᠭᠤᠯᠵᠠᠯᠲᠠ ᠶᠢ ᠲᠣᠭᠲᠠᠭᠰᠠᠨ ᠬᠤᠭᠤᠴᠠᠭᠠᠨ ᠳᠤ ᠵᠣᠬᠢᠶᠠᠨ ᠪᠠᠶᠢᠭᠤᠯᠬᠤ ᠵᠠᠮ ᠢᠶᠠᠷ ᠬᠠᠮᠲᠤ ᠶᠢᠨ ᠠᠵᠢᠯᠯᠠᠭᠠᠨ ᠤ ᠮᠧᠬᠠᠨᠢᠰᠮ ᠢ ᠪᠦᠷᠢᠳᠦᠭᠦᠯᠵᠦ᠂ ᠬᠤᠳᠠᠯᠳᠤᠭ᠎ᠠ᠂ ᠡᠳ᠋ ᠦᠨ ᠵᠠᠰᠠᠭ ᠤᠨ ᠬᠠᠷᠢᠯᠴᠠᠭ᠎ᠠ ᠶᠢ ᠳᠣᠲᠣᠭᠠᠳᠤ ᠶᠢᠨ ᠬᠠᠤᠯᠢ ᠲᠣᠭᠲᠠᠭᠠᠮᠵᠢ᠂ ᠣᠯᠠᠨ ᠤᠯᠤᠰ ᠤᠨ ᠡᠷᠬᠡ ᠵᠦᠢ ᠶᠢᠨ ᠵᠠᠷᠴᠢᠮ᠂ ᠬᠡᠮ ᠬᠡᠮᠵᠢᠶᠡᠨ ᠳᠦ ᠨᠡᠶᠢᠴᠡᠭᠦᠯᠦᠨ ᠤᠷᠲᠤ ᠬᠤᠭᠤᠴᠠᠭᠠᠨ ᠳᠤ᠂ ᠲᠣᠭᠲᠠᠪᠤᠷᠢᠲᠠᠢ ᠬᠥᠭᠵᠢᠭᠦᠯᠬᠦ ᠪᠣᠯᠤᠮᠵᠢ ᠪᠥᠷᠢᠳᠴᠦ ᠪᠠᠶᠢᠨ᠎ᠠ᠃

ᠰᠡᠳᠬᠢᠭᠳᠡᠯ ᠦᠯᠡᠳᠡᠭᠡᠬᠦ