ᠮᠣᠩᠭᠣᠯ ᠣᠷᠣᠨ ᠳᠤ ᠨᠠᠰᠤ ᠪᠡᠶ᠎ᠡ ᠭᠦᠢᠴᠡᠭᠰᠡᠨ 953 ᠴᠣᠬᠣᠷ ᠢᠷᠪᠢᠰ ᠪᠤᠢ | News.MN

ᠮᠣᠩᠭᠣᠯ ᠣᠷᠣᠨ ᠳᠤ ᠨᠠᠰᠤ ᠪᠡᠶ᠎ᠡ ᠭᠦᠢᠴᠡᠭᠰᠡᠨ 953 ᠴᠣᠬᠣᠷ ᠢᠷᠪᠢᠰ ᠪᠤᠢ

ᠮᠣᠩᠭᠣᠯ ᠣᠷᠣᠨ ᠤ ᠴᠣᠬᠣᠷ ᠢᠷᠪᠢᠰ ᠦᠨ ᠲᠠᠷᠬᠠᠴᠠ ᠨᠤᠲᠤᠭ ᠢ ᠨᠠᠷᠢᠪᠴᠢᠯᠠᠨ ᠲᠣᠭᠲᠠᠭᠠᠬᠤ᠂ ᠲᠣᠭ᠎ᠠ ᠲᠣᠯᠣᠭᠠᠢ ᠶᠢ ᠦᠨᠡᠯᠡᠬᠦ ᠥᠷᠭᠡᠨ ᠴᠠᠷ᠎ᠠ ᠬᠦᠷᠢᠶ᠎ᠡ ᠲᠡᠢ ᠰᠤᠳᠤᠯᠭᠠᠨ ᠤ ᠠᠵᠢᠯ ᠢ ᠳᠡᠯᠡᠬᠡᠢ ᠶᠢᠨ ᠪᠠᠶᠢᠭᠠᠯᠢ ᠬᠠᠮᠠᠭᠠᠯᠠᠬᠤ ᠰᠠᠩ ᠤᠨ ᠮᠣᠩᠭᠣᠯ ᠳ᠋ᠡᠬᠢ ᠬᠥᠲᠥᠯᠪᠦᠷᠢ ᠶᠢᠨ ᠭᠠᠵᠠᠷ ᠬᠠᠮᠲᠤᠷᠠᠨ 2017 ᠣᠨ ᠠᠴᠠ ᠬᠣᠶᠢᠰᠢ ᠬᠢᠵᠦ ᠪᠠᠶᠢᠨ᠎ᠠ᠃ ᠰᠤᠳᠤᠯᠭᠠᠨ ᠤ ᠦᠷ᠎ᠡ ᠳ᠋ᠦᠩ ᠳᠦ ᠮᠣᠩᠭᠣᠯ ᠤᠯᠤᠰ ᠲᠤ ᠢᠷᠪᠢᠰ ᠦᠨ ᠲᠣᠭ᠎ᠠ ᠲᠣᠯᠣᠭᠠᠢ 806-1127 ᠪᠤᠶᠤ ᠳᠤᠮᠳᠠᠴᠢ ᠪᠠᠷ 953 ᠪᠡᠶ᠎ᠡ ᠭᠦᠢᠴᠡᠭᠰᠡᠨ ᠴᠣᠬᠣᠷ ᠢᠷᠪᠢᠰ ᠪᠠᠶᠢᠨ᠎ᠠ ᠭᠡᠵᠦ ᠲᠣᠭᠲᠠᠭᠠᠭᠳᠠᠭᠠᠳ ᠪᠤᠢ᠃

ᠮᠥᠨ ᠠᠯᠲᠠᠢ᠂ ᠭᠣᠪᠢ ᠠᠯᠲᠠᠢ᠂ ᠬᠠᠩᠭᠠᠢ᠂  ᠰᠤᠶᠤᠨ ᠤ ᠨᠢᠷᠤᠭᠤᠳ ᠢ ᠳᠠᠮᠨᠠᠨ ᠣᠶᠢᠷᠠᠯᠴᠠᠭ᠎ᠠ ᠪᠠᠷ 328000 ᠲᠡᠭᠰᠢ ᠳᠦᠷᠪᠡᠯᠵᠢᠨ ᠺᠢᠯᠣᠮᠧᠲ᠋ᠷ ᠭᠠᠵᠠᠷ ᠨᠤᠲᠤᠭ ᠲᠤ ᠲᠠᠷᠬᠠᠨ ᠠᠮᠢᠳᠤᠷᠠᠵᠤ ᠪᠠᠶᠢᠭ᠎ᠠ ᠶᠤᠮ᠃ ᠢᠩᠭᠢᠭᠰᠡᠨ ᠢᠶᠡᠷ ᠮᠣᠩᠭᠣᠯ ᠣᠷᠣᠨ ᠳᠡᠯᠡᠬᠡᠢ ᠳᠦ ᠴᠣᠬᠣᠷ ᠢᠷᠪᠢᠰ ᠦᠨ  ᠬᠤᠶᠠᠳᠠᠬᠢ ᠲᠣᠮᠣ ᠤᠯᠤᠰ ᠪᠣᠯᠵᠤ ᠪᠠᠶᠢᠨ᠎ᠠ᠃

ᠰᠡᠳᠬᠢᠭᠳᠡᠯ ᠦᠯᠡᠳᠡᠭᠡᠬᠦ