ᠦᠨᠳᠦᠰᠦᠨ ᠦ ᠰᠲ᠋ᠠᠲ᠋ᠢᠰᠲ᠋ᠢᠺ ᠤᠨ ᠬᠤᠷᠢᠶ᠎ᠠ ᠥᠨᠥᠳᠥᠷ ᠮᠣᠩᠭᠣᠯ ᠤᠯᠤᠰ ᠤᠨ ᠨᠡᠶᠢᠭᠡᠮ᠂ ᠡᠳ᠋ ᠦᠨ ᠵᠠᠰᠠᠭ ᠤᠨ ᠡᠨᠡ ᠣᠨ ᠤ ᠡᠬᠢᠨ ᠦ 9 ᠰᠠᠷ᠎ᠠ ᠶᠢᠨ ᠰᠲ᠋ᠠᠲ᠋ᠢᠰᠲ᠋ᠢᠺ ᠳ᠋ᠦᠩ ᠮᠡᠳᠡᠭᠡ ᠶᠢ ᠲᠠᠨᠢᠯᠴᠠᠭᠤᠯᠤᠯ᠎ᠠ᠃ ᠤᠭ ᠮᠡᠳᠡᠭᠡᠯᠡᠯ ᠢᠶᠡᠷ ᠮᠥᠩᠭᠥᠨ ᠦ ᠨᠡᠶᠢᠲᠡ ᠨᠡᠶᠢᠯᠡᠭᠦᠯᠦᠯᠲᠡ ᠥᠩᠭᠡᠷᠡᠭᠰᠡᠨ ᠬᠤᠭᠤᠴᠠᠭᠠᠨ ᠳᠤ ᠪᠤᠶᠤ ᠣᠨ ᠤ ᠡᠬᠢᠨ ᠦ 9 ᠰᠠᠷ᠎ᠠ ᠶᠢᠨ ᠡᠴᠦᠰ ᠲᠦ 27 ᠶᠡᠬᠡ ᠨᠠᠶᠤᠳ ᠲᠥᠭᠥᠷᠢᠭ ᠪᠣᠯᠵᠠᠢ᠃ ᠡᠨᠡ ᠨᠢ ᠡᠮᠦᠨᠡᠬᠢ ᠣᠨ ᠤ ᠮᠥᠨ ᠦᠶ᠎ᠡ ᠡᠴᠡ 4.6 ᠶᠡᠬᠡ ᠨᠠᠶᠤᠳ ᠲᠥᠭᠥᠷᠢᠭ ᠢᠶᠡᠷ ᠪᠤᠶᠤ 20.4 ᠬᠤᠪᠢ ᠪᠠᠷ ᠦᠰᠪᠡ᠃
ᠡᠨᠳᠡ ᠲᠥᠭᠥᠷᠢᠭ ᠦᠨ ᠬᠠᠳᠠᠭᠠᠯᠠᠮᠵᠢ 3.5 ᠶᠡᠬᠡ ᠨᠠᠶᠤᠳ ᠲᠥᠭᠥᠷᠢᠭ ᠢᠶᠡᠷ ᠥᠰᠦᠭᠰᠡᠨ ᠨᠢ ᠨᠥᠯᠦᠭᠡᠯᠡᠵᠡᠢ᠃ ᠭᠦᠢᠯᠭᠡᠭᠡᠨ ᠳᠦ ᠭᠠᠷᠭᠠᠭᠰᠠᠨ ᠪᠡᠯᠡᠨ ᠮᠥᠩᠭᠥ 1.1 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 11.3 ᠬᠤᠪᠢ ᠪᠠᠷ ᠥᠰᠴᠠᠢ᠃ ᠨᠡᠶᠢᠲᠡ ᠬᠠᠳᠠᠭᠠᠯᠠᠮᠵᠢ ᠡᠨᠡ ᠣᠨ ᠤ ᠶᠢᠰᠦᠳᠦᠭᠡᠷ ᠰᠠᠷ᠎ᠠ ᠶᠢᠨ ᠡᠴᠦᠰ ᠲᠦ 19.2 ᠶᠡᠬᠡ ᠨᠠᠶᠤᠳ ᠲᠥᠭᠥᠷᠢᠭ ᠪᠣᠯᠵᠤ᠂ 2.5 ᠶᠡᠬᠡ ᠨᠠᠶᠤᠳ ᠲᠥᠭᠥᠷᠢᠭ ᠢᠶᠡᠷ ᠨᠡᠮᠡᠭᠳᠡᠪᠡ᠃