ᠠᠽᠢᠶ᠎ᠠ ᠶᠢᠨ ᠰᠠᠩ ᠬᠡᠤᠬᠡᠳ ᠲᠤ ᠵᠣᠷᠢᠭᠤᠯᠤᠭᠰᠠᠨ ᠨᠣᠮ ᠤᠨ ᠰᠠᠩ ᠪᠠᠷᠢᠵᠤ ᠦᠭᠭᠦᠨ᠎ᠡ | News.MN

ᠠᠽᠢᠶ᠎ᠠ ᠶᠢᠨ ᠰᠠᠩ ᠬᠡᠤᠬᠡᠳ ᠲᠤ ᠵᠣᠷᠢᠭᠤᠯᠤᠭᠰᠠᠨ ᠨᠣᠮ ᠤᠨ ᠰᠠᠩ ᠪᠠᠷᠢᠵᠤ ᠦᠭᠭᠦᠨ᠎ᠡ

ᠨᠡᠶᠢᠰᠯᠡᠯ ᠦᠨ ᠵᠠᠰᠠᠭ ᠳᠠᠷᠤᠭ᠎ᠠ ᠶᠢᠨ ᠣᠷᠣᠯᠠᠭᠴᠢ ᠵ∙ᠰᠠᠨᠳᠠᠭᠰᠦ᠋ᠷᠤᠩ᠂ ᠠᠽᠢᠶ᠎ᠠ ᠶᠢᠨ ᠰᠠᠩ ᠤᠨ ᠰᠠᠭᠤᠷᠢᠨ ᠲᠥᠯᠥᠭᠡᠯᠡᠭᠴᠢ ᠮᠠᠷᠺ  ᠺᠤᠢᠨᠢᠨ ᠰᠣᠩᠭᠢᠨ᠎ᠠ ᠬᠠᠢᠷᠬᠠᠨ ᠳᠡᠭᠦᠷᠭᠡ ᠶᠢᠨ ᠨᠣᠮ ᠤᠨ ᠰᠠᠩ ᠤᠳ ᠤᠨ ᠨᠥᠬᠥᠴᠡᠯ ᠪᠠᠶᠢᠳᠠᠯ᠂ ᠴᠠᠷ᠎ᠠ ᠲᠠᠬᠤᠯ ᠤᠨ ᠨᠥᠬᠥᠴᠡᠯ ᠳᠦ ᠬᠡᠷᠬᠢᠨ ᠦᠢᠯᠡ ᠠᠵᠢᠯᠯᠠᠭ᠎ᠠ ᠪᠠᠨ ᠶᠠᠪᠤᠭᠤᠯᠵᠤ ᠪᠠᠶᠢᠭ᠎ᠠ ᠲᠠᠢ ᠲᠠᠨᠢᠯᠴᠠᠯ᠎ᠠ᠃ ᠲᠤᠰ ᠳᠡᠭᠦᠷᠭᠡ ᠶᠢᠨ 2᠂ 8᠂ 15᠂ 19 ᠳ᠋ᠤᠭᠡᠷ ᠬᠣᠷᠢᠶᠠᠨ ᠳᠤ ᠪᠢᠴᠢᠯ ᠨᠣᠮ ᠤᠨ ᠰᠠᠩ ᠪᠠᠶᠢᠭᠤᠯᠤᠭᠰᠠᠨ᠃ ᠠᠽᠢᠶ᠎ᠠ ᠶᠢᠨ ᠰᠠᠩ ᠡᠨᠡ ᠤᠳᠠᠭ᠎ᠠ ᠳᠤ 0-5 ᠨᠠᠰᠤᠨ ᠤ ᠬᠡᠦᠬᠡᠳ  ᠲᠦ ᠵᠣᠷᠢᠭᠤᠯᠤᠭᠰᠠᠨ ᠨᠣᠮ ᠤᠨ ᠲᠥᠰᠥᠯ ᠢ ᠬᠡᠷᠡᠭᠵᠢᠭᠦᠯᠬᠦ ᠪᠡᠷ ᠲᠥᠯᠥᠪᠯᠡᠵᠦ ᠪᠠᠶᠢᠨ᠎ᠠ᠃
ᠨᠣᠮ ᠤᠨ ᠰᠠᠩ ᠢᠶᠠᠷ ᠦᠢᠯᠡᠴᠢᠯᠡᠭᠦᠯᠦᠭᠴᠢ ᠬᠡᠦᠬᠡᠳ ᠦᠳ ᠲᠦ ᠬᠦᠰᠡᠭᠰᠡᠨ ᠨᠣᠮ ᠢᠶᠠᠨ ᠭᠡᠷ ᠢᠶᠡᠷ ᠤᠩᠰᠢᠬᠤ ᠪᠣᠯᠤᠮᠵᠢ ᠶᠢ ᠣᠯᠭᠤᠵᠤ᠂ ᠺᠠᠷᠲ ᠨᠡᠭᠡᠭᠡᠨ ᠪᠦᠷᠢᠳᠬᠡᠯᠵᠢᠭᠦᠯᠵᠦ ᠪᠠᠶᠢᠭ᠎ᠠ ᠭᠡᠳᠡᠭ ᠢ ᠲᠤᠰ ᠳᠡᠭᠦᠷᠭᠡ ᠶᠢᠨ ᠨᠣᠮ ᠤᠨ ᠰᠠᠩᠴᠢᠳ ᠬᠡᠯᠡᠭᠰᠡᠨ ᠶᠤᠮ᠃ ᠨᠣᠮ ᠤᠨ ᠰᠠᠩ ᠤᠨ ᠪᠠᠶᠢᠷᠢᠨ ᠳᠤ ᠵᠥᠪᠬᠡᠨ ᠨᠣᠮ ᠤᠩᠰᠢᠭᠠᠳ ᠵᠣᠭᠰᠣᠬᠤ ᠦᠭᠡᠢ ᠵᠣᠷᠢᠯᠲᠠᠲᠤ ᠰᠤᠷᠭᠠᠯᠲᠠ᠂ ᠬᠡᠦᠬᠡᠳ ᠵᠠᠯᠠᠭᠤᠰ ᠲᠤ ᠵᠣᠷᠢᠭᠤᠯᠤᠭᠰᠠᠨ ᠣᠯᠠᠨ ᠦᠢᠯᠡ ᠠᠵᠢᠯᠯᠠᠭ᠎ᠠ ᠶᠠᠪᠤᠭᠤᠯᠬᠤ ᠪᠣᠯᠤᠮᠵᠢ ᠲᠠᠢ᠃ ᠰᠣᠩᠭᠢᠨ᠎ᠠ ᠬᠠᠢᠷᠠᠬᠠᠨ ᠳᠡᠭᠦᠷᠭᠡ ᠶᠢᠨ 15 ᠳ᠋ᠤᠭᠠᠷ ᠬᠣᠷᠢᠶᠠᠨ ᠳᠤ ᠪᠠᠶᠢᠷᠢᠯᠠᠬᠤ ᠨᠣᠮ ᠤᠨ ᠰᠠᠩ ᠤᠨ ᠬᠤᠪᠢ ᠳᠤ ᠴᠠᠷ᠎ᠠ ᠲᠠᠬᠤᠯ ᠤᠨ ᠡᠮᠦᠨ᠎ᠡ ᠲᠣᠭᠲᠠᠮᠠᠯ ᠰᠤᠷᠭᠠᠯᠲᠠ ᠶᠠᠪᠤᠭᠤᠯᠳᠠᠭ ᠪᠠᠶᠢᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ