ᠪᠤᠳᠠᠭ᠎ᠠ᠂ ᠡᠯᠡᠰᠦᠨ ᠰᠢᠬᠢᠷ᠂ ᠤᠷᠭᠤᠮᠠᠯ ᠤᠨ ᠲᠣᠰᠤᠨ ᠤ 20-42 ᠬᠣᠨᠣᠭ ᠤᠨ ᠨᠥᠭᠡᠴᠡ ᠲᠡᠢ ᠪᠠᠶᠢᠨ᠎ᠠ | News.MN

ᠪᠤᠳᠠᠭ᠎ᠠ᠂ ᠡᠯᠡᠰᠦᠨ ᠰᠢᠬᠢᠷ᠂ ᠤᠷᠭᠤᠮᠠᠯ ᠤᠨ ᠲᠣᠰᠤᠨ ᠤ 20-42 ᠬᠣᠨᠣᠭ ᠤᠨ ᠨᠥᠭᠡᠴᠡ ᠲᠡᠢ ᠪᠠᠶᠢᠨ᠎ᠠ

ᠴᠠᠷ᠎ᠠ ᠲᠠᠬᠤᠯ ᠠᠴᠠ ᠰᠢᠯᠲᠠᠭᠠᠯᠠᠨ ᠵᠠᠮ ᠤᠨ ᠡᠭᠦᠳᠡ-ᠡᠷᠢᠶᠡᠨ ᠦ ᠬᠢᠯᠢ ᠶᠢᠨ ᠪᠣᠭᠣᠮᠲᠠ ᠬᠠᠭᠠᠭᠳᠠᠵᠤ᠂  ᠨᠠᠷᠢᠨ ᠨᠣᠭᠣᠭᠠᠨ ᠤ ᠬᠣᠮᠰᠠᠳᠠᠯ  ᠡᠭᠦᠰᠴᠡᠢ᠃ ᠴᠢᠨᠠᠭᠰᠢᠳᠠ ᠪᠠᠨ ᠪᠤᠰᠤᠳ ᠲᠥᠷᠥᠯ ᠦᠨ ᠪᠠᠷᠠᠭ᠎ᠠ ᠪᠦᠲᠦᠭᠡᠭᠳᠡᠬᠦᠨ ᠬᠣᠮᠰᠠᠳᠠᠬᠤ ᠡᠷᠡᠰᠳᠡᠯ ᠲᠡᠢ ᠡᠰᠡᠬᠦ ᠠᠰᠠᠭᠤᠳᠠᠯ ᠢᠶᠠᠷ ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠶᠠᠮᠤᠨ ᠤ ᠰᠠᠶᠢᠳ ᠽ∙ᠮᠡᠨᠳᠦᠰᠠᠶᠢᠬᠠᠨ ᠮᠡᠳᠡᠭᠡᠯᠡᠯ ᠬᠢᠯ᠎ᠡ᠃

ᠲᠡᠷᠡᠪᠡᠷ᠄ ᠰᠢᠳᠠᠷ ᠰᠠᠶᠢᠳ ᠢᠶᠠᠷ ᠠᠬᠠᠯᠠᠭᠤᠯᠤᠭᠰᠠᠨ ᠠᠵᠢᠯ ᠤᠨ ᠬᠡᠰᠡᠭ ᠪᠠᠶᠢᠭᠤᠯᠤᠭᠳᠠᠭᠰᠠᠨ᠃ ᠠᠵᠢᠯ ᠤᠨ ᠬᠡᠰᠡᠭ ᠪᠣᠭᠣᠨᠢ ᠬᠤᠭᠤᠴᠠᠭᠠᠨ ᠳᠤ ᠮᠠᠭᠤᠳᠠᠬᠤ ᠬᠦᠨᠡᠰᠦᠨ ᠦ ᠪᠦᠲᠦᠭᠡᠭᠳᠡᠬᠦᠨ ᠢ ᠬᠤᠷᠳᠤᠨ ᠰᠢᠭᠤᠷᠬᠠᠢ ᠲᠠᠲᠠᠨ ᠠᠪᠬᠤ ᠠᠵᠢᠯ ᠢ ᠬᠠᠷᠢᠭᠤᠴᠠᠨ᠎ᠠ᠃ ᠥᠩᠭᠡᠷᠡᠭᠰᠡᠨ ᠣᠨ ᠤ ᠳᠥᠷᠪᠡᠳᠦᠭᠡᠷ ᠰᠠᠷ᠎ᠠ ᠠᠴᠠ ᠡᠬᠢᠯᠡᠨ ᠭᠣᠣᠯ ᠨᠡᠷ᠎ᠡ ᠶᠢᠨ ᠪᠠᠷᠠᠭᠠᠨ ᠤ ᠨᠥᠭᠡᠴᠡ ᠳᠥᠷᠪᠡ ᠳᠠᠬᠢᠨ ᠥᠰᠦᠭᠰᠡᠨ᠃ ᠡᠭᠦᠨ ᠦ ᠦᠷ᠎ᠡ  ᠳ᠋ᠦᠩ ᠳᠦ ᠦᠨ᠎ᠡ ᠶᠢ ᠲᠣᠭᠲᠠᠪᠤᠷᠢᠲᠠᠢ ᠪᠠᠷᠢᠬᠤ ᠪᠣᠯᠤᠮᠵᠢ ᠪᠦᠷᠢᠳᠦᠭᠰᠡᠨ ᠬᠡᠳᠦᠢ ᠴᠤ ᠠᠵᠤ ᠠᠬᠤᠢ ᠶᠢᠨ ᠨᠢᠭᠡᠴᠡ ᠨᠦᠭᠦᠳ ᠦᠨ ᠲᠠᠲᠠᠬᠤ ᠳᠤ ᠪᠡᠯᠡᠨ ᠪᠣᠯᠤᠭᠰᠠᠨ ᠪᠦᠲᠦᠭᠡᠭᠳᠡᠬᠦᠨ ᠭᠠᠴᠢᠭᠰᠠᠨ᠃ ᠡᠷᠢᠶᠡᠨ ᠪᠣᠭᠣᠮᠲᠠ ᠬᠡᠵᠢᠶ᠎ᠡ ᠨᠡᠭᠡᠭᠡᠭᠳᠡᠬᠦ ᠨᠢ ᠲᠣᠳᠣᠷᠬᠠᠢ ᠦᠭᠡᠢ᠃ ᠭᠣᠣᠯ ᠨᠡᠷ᠎ᠡ ᠶᠢᠨ ᠪᠦᠲᠦᠭᠡᠭᠳᠡᠬᠦᠨ ᠪᠣᠯᠬᠤ ᠪᠤᠳᠠᠭ᠎ᠠ᠂ ᠡᠯᠡᠰᠦᠨ ᠰᠢᠬᠢᠷ᠂ ᠤᠷᠭᠤᠮᠠᠯ ᠤᠨ ᠲᠣᠰᠤᠨ ᠤ 20-42 ᠬᠣᠨᠣᠭ ᠤᠨ ᠨᠥᠭᠡᠴᠡ ᠲᠡᠢ ᠪᠠᠶᠢᠭ᠎ᠠ ᠭᠡᠪᠡ᠃

ᠰᠡᠳᠬᠢᠭᠳᠡᠯ ᠦᠯᠡᠳᠡᠭᠡᠬᠦ