ᠽ ∙ ᠮᠡᠨᠳᠦᠰᠠᠶᠢᠬᠠᠨ᠄ ᠣᠨ ᠳᠠᠭᠤᠰᠲᠠᠯ᠎ᠠ ᠮᠢᠬ᠎ᠠ ᠭᠠᠳᠠᠭᠠᠳᠤ ᠳᠤ ᠭᠠᠷᠭᠠᠬᠤ ᠦᠭᠡᠢ | News.MN

ᠽ ∙ ᠮᠡᠨᠳᠦᠰᠠᠶᠢᠬᠠᠨ᠄ ᠣᠨ ᠳᠠᠭᠤᠰᠲᠠᠯ᠎ᠠ ᠮᠢᠬ᠎ᠠ ᠭᠠᠳᠠᠭᠠᠳᠤ ᠳᠤ ᠭᠠᠷᠭᠠᠬᠤ ᠦᠭᠡᠢ

ᠵᠠᠰᠠᠭ ᠤᠨ ᠭᠠᠵᠠᠷ ᠤᠨ ᠬᠤᠷᠠᠯᠳᠤᠭᠠᠨ ᠠᠴᠠ ᠭᠠᠷᠭᠠᠭᠰᠠᠨ ᠰᠢᠢᠳᠪᠦᠷᠢ ᠶᠢᠨ ᠲᠠᠯ᠎ᠠ ᠪᠠᠷ ᠬᠦᠨᠡᠰᠦ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨᠶᠠᠮᠤᠨ ᠤ ᠰᠠᠶᠢᠳ ᠽ∙ᠮᠡᠨᠳᠦᠰᠠᠶᠢᠬᠠᠨ ᠮᠡᠳᠡᠭᠡᠯᠡᠯ ᠬᠢᠯ᠎ᠡ᠃ ᠲᠡᠷᠡ ᠪᠡᠷ᠄ ᠵᠠᠰᠠᠭ ᠤᠨ ᠭᠠᠵᠠᠷ ᠮᠢᠬᠠᠨ ᠤ ᠡᠺᠰᠫᠣᠷᠲ ᠢ ᠬᠢᠵᠠᠭᠠᠷᠯᠠᠵᠤ᠂ ᠳᠣᠲᠣᠭᠠᠳᠤ ᠶᠢᠨ ᠮᠢᠬᠠᠨ ᠤ ᠨᠡᠶᠢᠯᠡᠭᠦᠯᠦᠯᠲᠡ ᠶᠢ ᠲᠣᠭᠲᠠᠪᠤᠷᠢᠲᠠᠢ ᠪᠠᠶᠢᠯᠭᠠᠬᠤ ᠨᠢ ᠵᠦᠢᠲᠡᠢ ᠭᠡᠵᠦ ᠦᠵᠡᠯ᠎ᠡ᠃ ᠲᠡᠶᠢᠮᠦ ᠡᠴᠡ ᠣᠨ ᠳᠠᠭᠤᠰᠲᠠᠯ᠎ᠠ ᠮᠢᠬ᠎ᠠ ᠡᠺᠰᠫᠣᠷᠲᠯᠠᠬᠤ ᠦᠭᠡᠢ᠃ ᠮᠥᠨ ᠭᠤᠯᠢᠷ ᠤᠨ ᠦᠨ᠎ᠡ ᠶᠢ ᠲᠣᠭᠲᠠᠪᠤᠷᠢᠲᠠᠢ ᠪᠠᠶᠢᠯᠭᠠᠬᠤ ᠡᠭᠦᠳᠡᠨ ᠡᠴᠡ ᠵᠠᠰᠠᠭ ᠤᠨ ᠭᠠᠵᠠᠷ ᠠᠴᠠ ᠬᠥᠷᠥᠩᠭᠡ ᠭᠠᠷᠭᠠᠵᠤ ᠤᠯᠠᠭᠠᠨ ᠪᠤᠭᠤᠳᠠᠢ ᠬᠤᠳᠠᠯᠳᠤᠨ ᠠᠪᠬᠤ ᠪᠠᠷ ᠪᠣᠯᠤᠯ᠎ᠠ᠃ ᠤᠴᠢᠷ ᠨᠢ᠂ ᠭᠤᠯᠢᠷ ᠤᠨ ᠦᠢᠯᠡᠳᠪᠦᠷᠢ ᠨᠦᠭᠦᠳ ᠲᠦ ᠢᠯᠡᠭᠦᠳᠡᠯ ᠭᠠᠷᠴᠤ ᠤᠯᠠᠭᠠᠨ ᠪᠤᠭᠤᠳᠠᠢ ᠶᠢᠨ ᠡᠷᠢᠯᠲᠡ ᠪᠠᠭ᠎ᠠ ᠪᠠᠶᠢᠭ᠎ᠠ ᠤᠴᠢᠷ ᠠᠴᠠ ᠢᠩᠭᠢᠵᠦ ᠭᠠᠵᠠᠷ ᠲᠠᠷᠢᠶᠠᠯᠠᠩ ᠤᠨ ᠰᠠᠯᠪᠤᠷᠢ ᠪᠠᠨ ᠳᠡᠮᠵᠢᠬᠦ ᠨᠢ ᠵᠦᠢᠲᠡᠢ ᠭᠡᠵᠦ ᠦᠵᠡᠭᠰᠡᠨ᠃
ᠬᠦᠨᠡᠰᠦᠨ ᠦ ᠭᠣᠣᠯ ᠨᠡᠷ᠎ᠡ ᠶᠢᠨ ᠪᠦᠲᠦᠭᠡᠭᠳᠡᠬᠦᠨ ᠨᠦᠭᠦᠳ ᠦᠨ ᠨᠢᠭᠡ ᠪᠣᠯ ᠤᠷᠭᠤᠮᠠᠯ ᠤᠨ ᠲᠣᠰᠣ᠃ ᠳᠠᠷᠠᠭ᠎ᠠ ᠶᠢᠨ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠳᠣᠲᠣᠭᠠᠳᠤ ᠶᠢᠨ ᠤᠷᠭᠤᠮᠠᠯ ᠤᠨ ᠲᠣᠰᠣ ᠦᠢᠯᠡᠳᠪᠦᠷᠢᠯᠡᠭᠴᠢ ᠶᠢ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ ᠴᠢᠯᠦᠭᠡᠯᠡᠬᠦ ᠬᠠᠤᠯᠢ ᠶᠢᠨ ᠲᠥᠰᠥᠯ ᠢ ᠬᠡᠯᠡᠯᠴᠡᠭᠦᠯᠵᠦ᠂ ᠤᠯᠤᠰ ᠤᠨ ᠶᠡᠬᠡ ᠬᠤᠷᠠᠯ ᠳᠦ ᠡᠷᠭᠦᠨ ᠪᠠᠷᠢᠬᠤ ᠪᠠᠷ ᠪᠣᠯᠤᠯ᠎ᠠ ᠭᠡᠪᠡ᠃

ᠰᠡᠳᠬᠢᠭᠳᠡᠯ ᠦᠯᠡᠳᠡᠭᠡᠬᠦ