38000 ᠢᠷᠭᠡᠨ ᠴᠠᠬᠢᠮ ᠭᠠᠷ ᠤᠨ ᠦᠰᠦᠭ ᠬᠡᠷᠡᠭᠯᠡᠵᠦ ᠪᠠᠶᠢᠨ᠎ᠠ | News.MN

38000 ᠢᠷᠭᠡᠨ ᠴᠠᠬᠢᠮ ᠭᠠᠷ ᠤᠨ ᠦᠰᠦᠭ ᠬᠡᠷᠡᠭᠯᠡᠵᠦ ᠪᠠᠶᠢᠨ᠎ᠠ

ᠤᠯᠤᠰ ᠤᠨ ᠶᠡᠬᠡ ᠬᠤᠷᠠᠯ ᠤᠨ ᠬᠠᠤᠯᠢ ᠵᠦᠢ ᠶᠢᠨ ᠪᠣᠯᠤᠨ ᠢᠨᠨᠣᠸᠠᠼ᠂ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠣᠷᠢᠶ᠎ᠠ ᠥᠨᠥᠳᠥᠷ ᠬᠠᠮᠲᠤᠷᠠᠨ ᠬᠤᠷᠠᠯᠳᠤᠵᠤ᠂ ︽ᠴᠠᠬᠢᠮ ᠭᠠᠷ ᠤᠨ ᠦᠰᠦᠭ ᠦᠨ ᠲᠤᠬᠠᠢ︾ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠪᠣᠯᠤᠨ ᠬᠠᠮᠲᠤ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠥᠯ ᠦᠳ ᠦᠨ ᠠᠩᠬᠠᠨ ᠤ ᠬᠡᠯᠡᠯᠴᠡᠭᠦᠯᠭᠡ ᠶᠢ ᠬᠢᠯ᠎ᠡ᠃

ᠥᠨᠥᠳᠥᠷ ᠦᠨ ᠪᠠᠶᠢᠳᠠᠯ ᠢᠶᠠᠷ 38000 ᠴᠠᠬᠢᠮ ᠭᠠᠷ ᠤᠨ ᠦᠰᠦᠭ ᠬᠡᠷᠡᠭᠯᠡᠭᠳᠡᠵᠦ ᠪᠠᠶᠢᠭ᠎ᠠ ᠪᠥᠭᠡᠳ ᠲᠡᠳᠡᠭᠡᠷ ᠦᠨ 8000 ᠨᠢ ᠨᠡᠶᠢᠰᠯᠡᠯ ᠦᠨ ᠲᠥᠷᠥ᠂ ᠵᠠᠬᠢᠷᠭᠠᠨ ᠤ ᠪᠠᠶᠢᠭᠤᠯᠤᠯᠭ᠎ᠠ ᠶᠢᠨ ᠠᠯᠪᠠᠨ ᠬᠠᠭᠠᠭᠴᠢᠳ᠂ ᠦᠯᠡᠳᠡᠭᠰᠡᠨ 30000 ᠨᠢ ᠲᠠᠲᠠᠪᠤᠷᠢ ᠶᠢᠨ ᠲᠠᠶᠢᠯᠤᠨ᠂ ᠨᠡᠶᠢᠭᠡᠮ ᠤᠨ ᠳᠠᠭᠠᠳᠬᠠᠯ ᠤᠨ ᠲᠠᠶᠢᠯᠤᠨ ᠥᠭᠳᠡᠭ ᠠᠵᠤ ᠠᠬᠤᠢ ᠶᠢᠨ ᠨᠢᠭᠡᠴᠡ᠂ ᠢᠷᠭᠡᠳ᠂ ᠬᠤᠳᠠᠯᠳᠤᠨ ᠠᠪᠬᠤ ᠠᠵᠢᠯᠯᠠᠭ᠎ᠠ᠂ ᠲᠧᠨᠳᠧᠷ ᠲᠦ ᠣᠷᠣᠯᠴᠠᠳᠠᠭ ᠬᠦᠮᠦᠰ ᠶᠤᠮ᠃

︽ᠴᠠᠬᠢᠮ ᠭᠠᠷ ᠤᠨ ᠦᠰᠦᠭ ᠦᠨ ᠲᠤᠬᠠᠢ︾ᠬᠠᠤᠯᠢ ᠰᠢᠨᠡᠴᠢᠯᠡᠨ ᠪᠠᠲᠤᠯᠠᠭᠳᠠᠭᠰᠠᠨ ᠢᠶᠠᠷ ᠤᠯᠤᠰ ᠤᠨ ᠪᠦᠷᠢᠳᠭᠡᠯ ᠦᠨ ᠶᠡᠷᠦᠩᠬᠡᠢ ᠭᠠᠵᠠᠷ ᠠᠴᠠ ᠪᠦᠬᠦ ᠢᠷᠭᠡᠳ ᠲᠦ ᠴᠠᠬᠢᠮ ᠭᠠᠷ ᠤᠨ ᠦᠰᠦᠭ ᠢ ᠦᠨ᠎ᠡ ᠦᠭᠡᠢ ᠣᠯᠭᠣᠬᠤ ᠪᠥᠭᠡᠳ ᠢᠷᠭᠡᠳ ᠲᠥᠷᠥ ᠶᠢᠨ ᠪᠣᠯᠤᠨ ᠪᠠᠩᠬᠢᠨ ᠤ ᠦᠢᠯᠡᠴᠢᠯᠡᠭᠡ ᠶᠢ ᠴᠠᠬᠢᠮ ᠭᠠᠷ ᠤᠨ ᠦᠰᠦᠭ ᠢᠶᠡᠷ ᠠᠪᠬᠤ ᠪᠣᠯᠤᠮᠵᠢ ᠪᠥᠷᠢᠳᠬᠦ ᠶᠤᠮ ᠪᠠᠶᠢᠨ᠎ᠠ᠃ ᠨᠢᠭᠡ ᠢᠷᠭᠡᠨ ᠬᠡᠳᠦᠨ ᠴᠤ ᠴᠠᠬᠢᠮ ᠭᠠᠷ ᠤᠨ ᠦᠰᠦᠭ ᠲᠡᠢ ᠪᠠᠶᠢᠵᠤ ᠪᠣᠯᠬᠤ ᠶᠤᠮ᠃

ᠰᠡᠳᠬᠢᠭᠳᠡᠯ ᠦᠯᠡᠳᠡᠭᠡᠬᠦ