ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠶᠢᠨ ᠴᠢᠨᠠᠷ ᠦᠭᠡᠢ ᠵᠢᠭᠡᠯᠡ ᠶᠢᠨ ᠬᠡᠮᠵᠢᠶ᠎ᠡ ᠪᠠᠭᠤᠷᠠᠵᠠᠢ | News.MN

ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠶᠢᠨ ᠴᠢᠨᠠᠷ ᠦᠭᠡᠢ ᠵᠢᠭᠡᠯᠡ ᠶᠢᠨ ᠬᠡᠮᠵᠢᠶ᠎ᠡ ᠪᠠᠭᠤᠷᠠᠵᠠᠢ

ᠡᠨᠡ ᠣᠨ ᠤ ᠭᠤᠷᠪᠠᠳᠤᠭᠠᠷ ᠤᠯᠠᠷᠢᠯ ᠤᠨ ᠪᠠᠶᠢᠳᠠᠯ ᠢᠶᠠᠷ 531 ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠶᠢᠨ ᠬᠥᠷᠥᠩᠭᠡ ᠶᠢᠨ ᠬᠡᠮᠵᠢᠶ᠎ᠡ 2.5 ᠶᠡᠬᠡ ᠨᠠᠶᠤᠳ ᠲᠥᠭᠥᠷᠢᠭ ᠲᠦ ᠬᠦᠷᠴᠦ᠂ ᠡᠮᠦᠨᠡᠬᠢ ᠣᠨ ᠤ ᠮᠥᠨ ᠦᠶ᠎ᠡ ᠡᠴᠡ 26.7 ᠬᠤᠪᠢ ᠪᠠᠷ ᠥᠰᠴᠠᠢ᠃ ᠵᠢᠭᠡᠯᠡ ᠶᠢᠨ ᠨᠡᠶᠢᠲᠡ ᠦᠯᠡᠳᠡᠭᠳᠡᠯ ᠡᠮᠦᠨᠡᠬᠢ ᠣᠨ ᠤ ᠮᠥᠨ ᠦᠶ᠎ᠡ ᠡᠴᠡ 30 ᠬᠤᠪᠢ ᠪᠠᠷ ᠥᠰᠴᠦ 1.8 ᠶᠡᠬᠡ ᠨᠠᠶᠤᠳ ᠲᠥᠭᠥᠷᠢᠭ ᠲᠦ ᠬᠦᠷᠦᠭᠰᠡᠨ ᠪᠥᠭᠡᠳ ᠣᠯᠭᠤᠭᠰᠠᠨ ᠵᠢᠭᠡᠯᠡ ᠶᠢᠨ 62.3 ᠬᠤᠪᠢ ᠶᠢ ᠬᠡᠷᠡᠭᠯᠡᠭᠡᠨ ᠦ ᠵᠢᠭᠡᠯᠡ ᠡᠵᠡᠯᠡᠵᠦ ᠪᠠᠶᠢᠨ᠎ᠠ᠃ ᠨᠡᠶᠢᠲᠡ ᠵᠢᠭᠡᠯᠡ ᠶᠢᠨ ᠦᠯᠡᠳᠡᠭᠳᠡᠯ ᠦᠨ 86.6 ᠬᠤᠪᠢ ᠶᠢ ᠢᠷᠭᠡᠳ᠂ 13.4 ᠬᠤᠪᠢ ᠶᠢ ᠬᠠᠤᠯᠢ ᠶᠢᠨ ᠡᠲᠡᠭᠡᠳ ᠪᠦᠷᠢᠳᠦᠭᠦᠯᠵᠦ ᠪᠠᠶᠢᠨ᠎ᠠ᠃

ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠨᠤᠭᠤᠳ ᠤᠨ ᠬᠤᠪᠢ ᠨᠡᠶᠢᠯᠡᠭᠦᠯᠦᠭᠰᠡᠨ ᠬᠥᠷᠥᠩᠭᠡ ᠶᠢ ᠨᠡᠮᠡᠭᠳᠡᠭᠦᠯᠦᠭᠰᠡᠨ ᠢᠶᠡᠷ ᠵᠢᠭᠡᠯᠡ ᠶᠢᠨ ᠪᠦᠲᠦᠭᠡᠭᠳᠡᠬᠦᠨ ᠦ ᠡᠬᠢ ᠡᠭᠦᠰᠪᠦᠷᠢ ᠨᠡᠮᠡᠭᠳᠡᠵᠦ᠂ ᠨᠡᠶᠢᠯᠡᠭᠦᠯᠦᠯᠲᠡ ᠥᠰᠦᠨ᠂ ᠤᠯᠠᠮ ᠢᠶᠠᠷ  ᠵᠢᠭᠡᠯᠡ ᠶᠢᠨ ᠰᠠᠷ᠎ᠠ ᠶᠢᠨ ᠵᠢᠩᠨᠡᠭᠰᠡᠨ ᠳᠤᠮᠳᠠᠴᠢ ᠬᠦᠦ ᠶᠢᠨ ᠲᠦᠪᠰᠢᠨ 2.6 ᠬᠤᠪᠢ ᠪᠣᠯᠵᠠᠢ᠃ ᠭᠤᠷᠪᠠᠳᠤᠭᠠᠷ ᠤᠯᠠᠷᠢᠯ ᠤᠨ ᠪᠠᠶᠢᠳᠠᠯ ᠢᠶᠠᠷ ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠨᠤᠭᠤᠳ ᠤᠨ ᠵᠢᠭᠡᠯᠡ ᠶᠢᠨ ᠪᠠᠭᠴᠠ ᠳᠤ ᠴᠢᠨᠠᠷ ᠦᠭᠡᠢ  ᠵᠢᠭᠡᠯᠡ ᠶᠢᠨ ᠡᠵᠡᠯᠡᠬᠦ ᠬᠤᠪᠢ 8.3 ᠪᠤᠶᠤ 146.9 ᠲᠡᠷᠪᠤᠮ ᠲᠥᠭᠥᠷᠢᠭ ᠲᠦ ᠬᠦᠷᠦᠭᠰᠡᠨ ᠪᠥᠭᠡᠳ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 1.1 ᠫᠦᠨᠺᠲ ᠢᠶᠡᠷ ᠪᠠᠭᠤᠷᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ